蒙古文网站Logo
ᠰᠢᠨᠬᠤᠸᠠ ᠮᠤᠩᠭ᠋ᠤᠯ ᠨᠧᠲ

9 ᠰᠠᠷ᠎ᠠ ᠶᠢᠨ ᠡᠬᠢᠨ ᠳᠤ ᠬᠦᠬᠡᠬᠤᠲᠠ ᠳᠤ ᠬᠤᠷ᠎ᠠ ᠲᠤᠨᠳᠠᠰᠤ ᠴᠦᠬᠡᠨ ᠠᠭᠠᠷ ᠤᠨ ᠳᠤᠯᠠᠭᠠᠨ ᠬᠠᠷᠢᠴᠠᠩᠭ᠋ᠤᠢ ᠦᠨᠳᠦᠷ ᠪᠤᠯᠤᠨ᠎ᠠ

2017-09-07 11:36

    ᠲᠦᠷᠦᠭᠦᠬᠡᠨ ᠰᠤᠷᠪᠤᠯᠵᠢᠯᠠᠭᠴᠢ ᠬᠦᠬᠡᠬᠤᠲᠠ ᠶᠢᠨ ᠴᠠᠭ ᠠᠭᠤᠷ ᠤᠨ ᠲᠤᠪᠴᠢᠶ᠎ᠠ ᠡᠴᠡ ᠤᠶᠢᠯᠠᠭᠠᠭᠰᠠᠨ ᠢᠶᠡᠷ᠂ 8 ᠰᠠᠷ᠎ᠠ ᠶᠢᠨ 28 ᠤ ᠡᠳᠦᠷ ᠪᠤᠯᠲᠠᠯ᠎ᠠ᠂ ᠬᠤᠲᠠ ᠳᠠᠶᠠᠭᠠᠷ ᠤᠨ ᠴᠢᠬᠢᠭ᠌ ᠤᠨ ᠪᠠᠶᠢᠳᠠᠯ ᠶᠡᠷᠦᠩᠬᠡᠢ ᠳᠤ ᠪᠡᠨ ᠰᠠᠶᠢᠨ᠂ ᠶᠡᠬᠡᠩᠬᠢ ᠪᠦᠰᠡ ᠨᠤᠲᠤᠭ ᠤᠨ ᠴᠢᠭᠢᠭ᠌ ᠤᠨ ᠪᠠᠶᠢᠳᠠᠯ ᠨᠢ ᠨᠢᠭᠡ ᠬᠤᠶᠠᠳᠤᠭᠠᠷ ᠲᠦᠷᠦᠯ ᠳᠤ ᠪᠠᠶᠢᠪᠠ᠃ ᠤᠷᠢᠳᠴᠢᠯᠠᠨ ᠲᠤᠭᠠᠴᠠᠭᠠᠯᠠᠭᠰᠠᠨ ᠢᠶᠡᠷ 9 ᠰᠠᠷ᠎ᠠ ᠶᠢᠨ ᠡᠬᠢᠨ ᠳᠤ ᠬᠤᠷ᠎ᠠ ᠲᠤᠨᠳᠠᠰᠤ ᠬᠠᠷᠢᠴᠠᠩᠭ᠋ᠤᠢ ᠪᠠᠭ᠎ᠠ ᠠᠭᠠᠷ ᠤᠨ ᠳᠤᠯᠠᠭᠠᠨ ᠬᠠᠷᠢᠴᠠᠩᠭ᠋ᠤᠢ ᠦᠨᠳᠦᠷ ᠪᠠᠶᠢᠵᠤ᠂ ᠴᠢᠬᠢᠭ᠌ ᠤᠨ ᠬᠡᠮᠵᠢᠶ᠎ᠠ ᠪᠠᠭᠤᠷᠠᠨ᠎ᠠ᠃

    ᠤᠳᠤᠬᠠᠨ ᠳᠤ᠂ ᠬᠤᠲᠠ ᠶᠢᠨ ᠴᠠᠭ ᠠᠭᠤᠷ ᠤᠨ ᠲᠤᠪᠴᠢᠶ᠎ᠠ ᠡᠴᠡ ᠡᠯ᠎ᠠ ᠬᠤᠰᠢᠭᠤ ᠰᠢᠶᠠᠨ ᠤ ᠠᠵᠢᠯᠲᠠᠳ ᠤᠨ ᠠᠷᠪᠠᠳᠤᠭᠠᠷ ᠤᠳᠠᠭᠠᠨ ᠤ ᠴᠢᠭᠢᠭ᠌ ᠤᠨ ᠪᠠᠶᠢᠳᠠᠯ ᠤᠨ ᠪᠠᠶᠢᠴᠠᠭᠠᠯᠲᠠ ᠶᠢᠨ ᠠᠵᠢᠯᠯᠠᠭ᠎ᠠ ᠶᠢ ᠵᠤᠬᠢᠶᠠᠨ ᠪᠠᠶᠢᠭᠤᠯᠵᠤ 46 ᠴᠡᠭ ᠲᠤ ᠪᠠᠶᠢᠴᠠᠭᠠᠯᠲᠠ ᠬᠢᠵᠤ ᠪᠤᠢ᠃ ᠪᠠᠶᠢᠴᠠᠭᠠᠯᠲᠠ ᠬᠢᠭ᠍ᠰᠡᠨ ᠪᠠᠶᠢᠳᠠᠯ ᠡᠴᠡ ᠦᠵᠡᠪᠡᠯ᠂ ᠬᠤᠲᠠ ᠳᠠᠶᠠᠭᠠᠷ ᠤᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠲᠦᠷᠦᠯ ᠤᠨ ᠴᠢᠬᠢᠭ᠌ ᠤᠨ ᠬᠡᠮᠵᠢᠶᠠᠨ ᠤ ᠲᠠᠯᠠᠪᠠᠢ ᠨᠢ ᠲᠤᠰ ᠪᠦᠷᠢ 11522᠂ 5331᠂ 307 ᠺᠦᠸᠠᠳ᠋ ᠺᠢᠯᠦᠮᠸᠲ᠋ᠷ ᠲᠤ ᠬᠦᠷᠴᠤ᠂ ᠤᠷᠤᠨ ᠳᠠᠶᠠᠭᠠᠷ ᠤᠨ ᠶᠡᠷᠦᠩᠬᠡᠢ ᠲᠠᠯᠠᠪᠠᠢ ᠶᠢᠨ 67.1%᠂ 31.1%᠂ 1.8% ᠶᠢ ᠡᠵᠡᠯᠡᠵᠠᠢ᠃ ᠡᠭᠦᠨ ᠳᠤ ᠭᠤᠷᠪᠠᠳᠤᠭᠠᠷ ᠲᠦᠷᠦᠯ ᠤᠨ ᠴᠢᠭᠢᠭ᠌ ᠤᠨ ᠬᠡᠮᠵᠢᠶ᠎ᠠ ᠭᠤᠤᠯᠳᠠᠭᠤ ᠦᠴᠤᠸᠠᠨ ᠰᠢᠶᠠᠨ ᠤ ᠬᠤᠶᠢᠭᠤᠷᠬᠢ ᠪᠦᠰᠡ ᠨᠤᠲᠤᠭ ᠪᠤᠯᠤᠨ ᠬᠤᠲᠠ ᠶᠢᠨ ᠲᠤᠭᠤᠷᠢᠭ ᠤᠨ ᠪᠠᠷᠠᠭᠤᠨ ᠡᠮᠦᠨᠡᠭᠦᠷᠬᠢ ᠪᠦᠰᠡ ᠨᠤᠲᠤᠭ ᠢᠶᠡᠷ ᠲᠠᠷᠬᠠᠵᠤ ᠪᠤᠰᠤᠳ ᠪᠦᠰᠡ ᠨᠤᠲᠤᠭ ᠤᠨ ᠴᠢᠬᠢᠭ᠌ ᠤᠨ ᠬᠡᠮᠵᠢᠶ᠎ᠠ ᠨᠢ ᠨᠢᠭᠡᠳᠦᠭᠡᠷ ᠬᠤᠶᠠᠳᠤᠭᠠᠷ ᠲᠦᠷᠦᠯ ᠳᠤ ᠪᠠᠶᠢᠯ᠎ᠠ᠃ ᠲᠠᠷᠢᠶᠠᠯᠠᠩ ᠤᠨ ᠪᠦᠰᠡ ᠶᠢᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠲᠦᠷᠦᠯ ᠤᠨ ᠴᠢᠬᠢᠭ᠌ ᠤᠨ ᠲᠠᠯᠠᠪᠠᠢ ᠨᠢ ᠲᠤᠰ ᠪᠦᠷᠢ 3650᠂ 1551᠂ 146 ᠺᠦᠸᠠᠳ᠋ ᠺᠢᠯᠦᠮᠸᠲ᠋ᠷ ᠪᠠᠶᠢᠵᠤ᠂ ᠲᠠᠷᠢᠶᠠᠯᠠᠬᠤ ᠭᠠᠵᠠᠷ ᠤᠨ ᠲᠠᠯᠠᠪᠠᠢ ᠶᠢᠨ 68.3%᠂ 29.0% ᠪᠤᠯᠤᠨ 2.7% ᠶᠢ ᠡᠵᠡᠯᠡᠵᠠᠢ᠃

    ᠤᠷᠢᠳᠴᠢᠯᠠᠨ ᠲᠤᠭᠠᠴᠠᠭᠠᠯᠠᠭᠰᠠᠨ ᠢᠶᠡᠷ᠂ 9 ᠰᠠᠷ᠎ᠠ ᠶᠢᠨ ᠡᠬᠢᠨ ᠶᠢᠡᠷ ᠬᠦᠬᠡᠬᠤᠲᠠ ᠶᠢᠨ ᠬᠤᠷ᠎ᠠ ᠲᠤᠨᠳᠠᠰᠤᠨ ᠤ ᠬᠡᠮᠵᠢᠶ᠎ᠠ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠡᠴᠡ ᠬᠠᠷᠢᠴᠠᠩᠭ᠋ᠤᠢ ᠪᠠᠭ᠎ᠠ᠂ ᠳᠤᠮᠳᠠᠴᠢ ᠠᠭᠠᠷ ᠤᠨ ᠳᠤᠯᠠᠭᠠᠨ ᠬᠠᠷᠢᠴᠠᠩᠭ᠋ᠤᠢ ᠦᠨᠳᠦᠷ ᠪᠤᠯᠬᠤᠷ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠴᠢᠭᠢᠭ᠌ ᠤᠨ ᠪᠠᠶᠢᠳᠠᠯ ᠢ ᠰᠠᠶᠢᠲᠤᠷ ᠠᠩᠬᠠᠷᠬᠤ ᠪᠤᠯᠪᠠᠤ᠃ (ᠰᠤᠷᠪᠤᠯᠵᠢᠯᠠᠭᠴᠢ ᠮᠢᠶᠤᠤ ᠴᠢᠩ)

ᠢᠷᠡᠯᠳᠡ᠄ ᠬᠦᠬᠡᠬᠤᠲᠠ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121622675