蒙古文网站Logo
ᠰᠢᠨᠬᠤᠸᠠ ᠮᠤᠩᠭ᠋ᠤᠯ ᠨᠧᠲ

《ᠨᠢᠭᠡ ᠪᠦᠰᠡ ᠨᠢᠭᠡ ᠵᠠᠮ》 ᠤᠯᠠᠨ ᠤᠯᠤᠰ ᠤᠨ ᠤᠷᠠᠯᠢᠭ ᠤᠨ ᠲᠤᠭᠤᠷᠢᠨ ᠦᠵᠡᠰᠭᠦᠯᠡᠩ ᠬᠦᠬᠡᠬᠤᠲᠠ ᠳᠤ ᠶᠠᠪᠤᠭᠳᠠᠬᠤ ᠪᠡᠷ ᠪᠤᠢ

2017-09-10 12:45

    《ᠨᠢᠭᠡ ᠪᠦᠰᠡ ᠨᠢᠭᠡ ᠵᠠᠮ》 ᠤᠯᠠᠨ ᠤᠯᠤᠰ ᠤᠨ ᠤᠷᠠᠯᠢᠭ ᠤᠨ ᠲᠤᠭᠤᠷᠢᠨ ᠦᠵᠡᠰᠭᠦᠯᠡᠩ·ᠳᠤᠮᠳᠠᠳᠤ ᠤᠯᠤᠰ ᠤᠨ ᠦᠷᠲᠡᠭᠡ ᠶᠢᠨ ᠦᠵᠡᠰᠭᠦᠯᠡᠩ ᠵᠢᠴᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠦᠵᠡᠰᠭᠦᠯᠡᠩ 9 ᠰᠠᠷ᠎ᠠ ᠶᠢᠨ 27 ᠤ ᠡᠳᠦᠷ ᠦᠪᠦᠷ ᠮᠣᠩᠭᠣᠯ ᠤᠨ ᠤᠷᠠᠨ ᠵᠢᠷᠤᠭ ᠤᠨ ᠤᠷᠳᠤᠨ ᠳᠤ ᠨᠡᠭᠡᠭᠡᠯᠲᠡ ᠪᠡᠨ ᠬᠢᠬᠦ ᠪᠡᠷ ᠪᠤᠢ᠃

    ᠦᠵᠡᠰᠭᠦᠯᠡᠩ ᠢ ᠬᠦᠬᠡᠬᠤᠲᠠ ᠶᠢᠨ ᠭᠠᠳᠠᠭᠠᠲᠤ ᠲᠠᠢ ᠨᠦᠬᠦᠷᠰᠡᠭ ᠢᠶᠡᠷ ᠬᠠᠷᠢᠯᠴᠠᠬᠤ ᠰᠤᠯᠢᠯᠴᠠᠭᠠᠨ ᠤ ᠲᠦᠪ᠂ ᠹᠷᠠᠨᠼᠢ ᠤᠯᠤᠰ ᠤᠨ ᠳᠤᠮᠳᠠᠳᠤ ᠹᠷᠠᠨᠼᠢ ᠶᠢᠨ ᠤᠷᠠᠯᠢᠭ ᠤᠨ ᠰᠤᠯᠢᠯᠴᠠᠭᠠᠨ ᠤ ᠨᠡᠶᠢᠭᠡᠮᠯᠢᠭ᠌᠂ ᠮᠣᠩᠭᠣᠯ ᠤᠯᠤᠰ ᠤᠨ ᠤᠷᠠᠯᠢᠭᠴᠢᠳ ᠤᠨ ᠨᠡᠶᠢᠭᠡᠮᠯᠢᠭ᠌ ᠡᠴᠡ ᠬᠠᠮᠳᠤᠷᠠᠨ ᠰᠠᠨᠠᠭᠠᠴᠢᠯᠠᠵᠤ᠂ ᠭ᠍ᠸᠷᠮᠠᠨ᠂ ᠢᠲ᠋ᠠᠯᠢ᠂ ᠢᠰᠫᠠᠨᠢ᠂ ᠮᠣᠩᠭᠣᠯ ᠤᠯᠤᠰ᠂ ᠳᠤᠮᠳᠠᠳᠤ ᠤᠯᠤᠰ ᠵᠡᠷᠭᠡ ᠤᠯᠤᠰ ᠤᠨ ᠤᠷᠠᠯᠢᠭᠴᠢᠳ ᠤᠨ ᠤᠷᠠᠨ ᠵᠢᠷᠤᠭ᠂ ᠱᠤᠭᠤᠮᠠᠯ᠂ ᠬᠡᠷᠡᠯ ᠵᠢᠷᠤᠭ ᠤᠨ ᠪᠦᠲᠦᠭᠡᠯ ᠢ ᠳᠡᠯᠭᠡᠨ ᠦᠵᠡᠭᠦᠯᠬᠦ ᠪᠤᠯᠤᠨ᠎ᠠ᠃

    ᠡᠭᠦᠨ ᠡᠴᠡ ᠡᠮᠦᠨ᠎ᠠ᠂ 8 ᠰᠠᠷ᠎ᠠ ᠶᠢᠨ 16 ᠤ ᠡᠳᠦᠷ᠂ 《ᠨᠢᠭᠡ ᠪᠦᠰᠡ ᠨᠢᠭᠡ ᠵᠠᠮ》 ᠤᠯᠠᠨ ᠤᠯᠤᠰ ᠤᠨ ᠤᠷᠠᠯᠢᠭ ᠤᠨ ᠲᠤᠭᠤᠷᠢᠨ ᠦᠵᠡᠰᠭᠦᠯᠡᠩ·ᠫᠠᠷᠢᠰ ᠤᠨ ᠦᠷᠲᠡᠭᠡ ᠶᠢᠨ ᠦᠵᠡᠰᠭᠦᠯᠡᠩ ᠹᠷᠠᠨᠼᠢ ᠶᠢᠨ ᠫᠠᠷᠢᠰ ᠲᠤ ᠠᠮᠵᠢᠯᠲᠠ ᠲᠠᠢ ᠵᠤᠬᠢᠶᠠᠨ ᠪᠠᠶᠢᠭᠤᠯᠤᠭᠳᠠᠪᠠ᠃ 10 ᠰᠠᠷ᠎ᠠ ᠶᠢᠨ 12 ᠤᠨ ᠡᠳᠦᠷ᠂ 《ᠨᠢᠭᠡ ᠪᠦᠰᠡ ᠨᠢᠭᠡ ᠵᠠᠮ》 ᠤᠯᠠᠨ ᠤᠯᠤᠰ ᠤᠨ ᠤᠷᠠᠯᠢᠭ ᠤᠨ ᠲᠤᠭᠤᠷᠢᠨ ᠦᠵᠡᠰᠭᠦᠯᠡᠩ· ᠮᠣᠩᠭᠣᠯ ᠤᠯᠤᠰ ᠤᠨ ᠦᠷᠲᠡᠭᠡ ᠶᠢᠨ ᠦᠵᠡᠰᠭᠦᠯᠡᠩ ᠮᠣᠩᠭᠣᠯ ᠤᠯᠤᠰ ᠤᠨ ᠤᠯᠠᠭᠠᠨᠪᠠᠭᠠᠲᠤᠷ ᠲᠤ ᠶᠠᠪᠤᠭᠳᠠᠬᠤ ᠶᠤᠮ ᠪᠠᠶᠢᠨ᠎ᠠ᠃

    ᠰᠡᠭᠦᠯᠡᠷᠬᠢ ᠬᠤᠶᠠᠷ ᠵᠢᠯ ᠳᠤ ᠡᠨᠡᠬᠦ ᠲᠤᠭᠤᠷᠢᠨ ᠦᠵᠡᠰᠭᠦᠯᠡᠩ ᠨᠢ 《 ᠨᠢᠭᠡ ᠪᠦᠰᠡ ᠨᠢᠭᠡ ᠵᠠᠮ》 ᠤᠨ ᠱᠤᠭᠤᠮ ᠳᠠᠭᠠᠤ ᠤᠯᠤᠰ ᠪᠤᠯᠤᠨ ᠪᠦᠰᠡ ᠨᠤᠲᠤᠭ ᠢᠶᠡᠷ ᠵᠤᠬᠢᠶᠠᠨ ᠪᠠᠶᠢᠭᠤᠯᠤᠭᠳᠠᠬᠤ ᠪᠤᠯᠤᠨ᠎ᠠ᠃ ( ᠰᠤᠷᠪᠤᠯᠵᠢᠯᠠᠭᠴᠢ ᠵᠸᠨ ᠰᠢᠤᠸᠡᠢ ᠯᠢᠶᠠᠩ)

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121638636