蒙古文网站Logo
ᠰᠢᠨᠬᠤᠸᠠ ᠮᠤᠩᠭ᠋ᠤᠯ ᠨᠧᠲ

ᠤᠷᠤᠨ ᠳᠠᠶᠠᠭᠠᠷ ᠤᠨ《 ᠤᠯᠠᠨ ᠢᠶᠡᠷ ᠢᠶᠡᠨ ᠦᠢᠯᠡᠰ ᠪᠤᠰᠬᠠᠵᠤ ᠨᠠᠢᠢᠲᠠ ᠪᠡᠷ ᠢᠶᠡᠨ ᠰᠢᠨ᠎ᠠ ᠶᠢ ᠡᠬᠦᠳᠬᠦ》 ᠠᠵᠢᠯᠯᠠᠭᠠᠨ ᠤ ᠭᠠᠷᠠᠭ ᠪᠤᠭᠤᠳᠤ ᠬᠤᠳᠠ ᠳᠤ ᠶᠠᠪᠤᠭᠳᠠᠨ᠎ᠠ

2017-09-12 16:36

    9 ᠰᠠᠷ᠎ᠠ ᠶᠢᠨ 11 ᠤ ᠡᠳᠦᠷ ᠬᠤᠷᠠᠯᠲᠤᠭᠰᠠᠨ ᠦᠪᠦᠷ ᠮᠣᠩᠭᠣᠯ ᠤᠨ ᠦᠪᠠᠷᠲᠠᠬᠡᠨ᠌ ᠵᠠᠰᠠᠬᠤ ᠤᠷᠤᠨ ᠤ ᠵᠠᠰᠠᠭ ᠤᠨ ᠤᠷᠲᠤᠨ ᠤ ᠬᠡᠪᠯᠡᠯ ᠮᠡᠳᠡᠭᠡᠯᠡᠯ ᠤᠨ ᠨᠠᠢᠢᠲᠠᠯᠡᠬᠦ ᠬᠤᠷᠠᠯ ᠡᠴᠠ ᠤᠢᠢᠯᠠᠭᠠᠭᠰᠠᠨ ᠢᠶᠡᠷ᠂ ᠦᠪᠦᠷ ᠮᠣᠩᠭᠣᠯ ᠤᠨ 《ᠤᠯᠠᠨ ᠢᠶᠡᠷ ᠢᠶᠡᠨ ᠦᠢᠯᠡᠰ ᠪᠤᠰᠬᠠᠵᠤ ᠨᠠᠢᠢᠲᠠ ᠪᠡᠷ ᠢᠶᠡᠨ ᠰᠢᠨ᠎ᠠ ᠶᠢ ᠡᠬᠦᠳᠬᠦ》 ᠠᠵᠢᠯᠯᠠᠭᠠᠨ ᠤ ᠭᠠᠷᠠᠭ 9 ᠰᠠᠷ᠎ᠠ ᠶᠢᠨ 15 ᠡᠴᠡ 21 ᠤ ᠡᠳᠦᠷ ᠪᠤᠯᠲᠠᠯ᠎ᠠ ᠪᠤᠭᠤᠲᠤ ᠬᠤᠲᠠ ᠳᠤ ᠶᠠᠪᠤᠭᠳᠠᠨ᠎ᠠ᠃

    ᠲᠤᠰ ᠠᠵᠢᠯᠯᠠᠭᠠᠨ ᠤ ᠭᠠᠷᠠᠭ ᠨᠢ 《ᠤᠯᠠᠨ ᠢᠶᠡᠷ ᠢᠶᠡᠨ ᠦᠢᠯᠡᠰ ᠪᠤᠰᠬᠠᠵᠤ ᠨᠠᠢᠢᠲᠠ ᠪᠡᠷ ᠢᠶᠡᠨ ᠰᠢᠨ᠎ᠠ ᠶᠢ ᠡᠬᠦᠳᠬᠦ ᠪᠡᠷ ᠲ᠋ᠠᠰ ᠲ᠋ᠠᠪᠰᠢᠬᠦᠯᠬᠦ ᠶᠢ ᠠᠬᠢᠭᠤᠯᠤᠨ ᠰᠢᠨ᠎ᠠ ᠬᠦᠳᠡᠯᠭᠡᠬᠦ ᠴᠢᠳᠠᠪᠤᠷᠢ ᠪᠠᠨ᠌ ᠳᠡᠭᠡᠭ᠍ᠰᠢᠯᠡᠭᠦᠯᠦᠶ᠎ᠠ》 ᠬᠡᠬᠦ ᠭᠤᠤᠯ ᠰᠠᠲᠤᠪ ᠤᠨ ᠲᠤᠭᠤᠷᠢᠨ ᠳᠤ ᠦᠷ᠎ᠠ ᠪᠦᠳᠦᠭᠡᠯ ᠤᠨ ᠦᠵᠡᠬᠦᠯᠤᠯᠬᠡ᠂ ᠲ᠋ᠡᠭᠡᠳᠤ ᠲᠦᠪᠰᠢᠨ ᠤ ᠹᠤᠷᠦ᠋ᠮ᠂ ᠦᠢᠯᠠᠰ ᠪᠤᠰᠬᠠᠬᠤ ᠤᠷᠤᠯᠳᠤᠭᠠᠨ ᠵᠡᠷᠬᠡ ᠭᠤᠤᠯ ᠰᠡᠳᠤᠪᠳᠤ ᠠᠵᠢᠯᠯᠠᠭ᠎ᠠ ᠦᠷᠨᠢᠬᠦᠯᠤᠨ᠎ᠠ᠃ ᠤᠢᠢᠯᠠᠭᠠᠭᠰᠠᠨ᠌ ᠢᠶᠡᠷ᠂ ᠲᠤᠰ ᠠᠵᠢᠯᠯᠠᠭᠠᠨ ᠤ ᠭᠠᠷᠠᠭ ᠤᠨ ᠬᠤᠭᠤᠴᠠᠭᠠᠨ ᠳᠤ᠂ ᠪᠤᠭᠤᠲᠤ ᠬᠤᠲᠠ ᠶᠢᠨ 5 ᠬᠤᠰᠢᠭᠤ ᠰᠢᠶᠠᠨ ᠲ᠋ᠤᠭᠤᠷᠢᠭ᠂ 10 ᠪᠠᠢᠢᠭᠤᠯᠤᠯᠭ᠎ᠠ ᠨᠢᠬᠡᠴᠠ᠂ 99 ᠠᠵᠤ ᠠᠬᠤᠢᠢᠯᠠᠯ ᠢ ᠵᠤᠬᠢᠶᠠᠨ ᠪᠠᠢᠢᠭᠤᠯᠤᠨ ᠤᠷᠤᠯᠴᠠᠭᠤᠯᠤᠨ᠂ ᠨᠠᠢᠢᠲᠠ 220 ᠭᠠᠷᠤᠢ ᠦᠵᠡᠬᠦᠯᠤᠯᠬᠡ ᠶᠢᠨ ᠪᠤᠲᠠᠰ ᠢ ᠲ᠋ᠠᠯᠬᠡᠨ ᠦᠵᠡᠬᠦᠯᠵᠤ᠂ 87 ᠦᠵᠡᠬᠦᠯᠤᠯᠬᠡ ᠶᠢᠨ ᠰᠠᠮᠪᠠᠷ᠎ᠠ ᠲ᠋ᠤᠬᠢᠷᠠᠭᠤᠯᠤᠨ᠂ ᠪᠤᠭᠤᠲᠤ ᠬᠤᠲᠠ ᠶᠢᠨ 《ᠤᠯᠠᠨ ᠢᠶᠡᠷ ᠢᠶᠡᠨ ᠦᠢᠯᠡᠰ ᠪᠤᠰᠬᠠᠵᠤ ᠨᠠᠢᠢᠲᠠ ᠪᠡᠷ ᠢᠶᠡᠨ ᠰᠢᠨ᠎ᠠ ᠶᠢ ᠡᠬᠦᠳᠬᠦ》ᠠᠵᠢᠯ ᠤᠨ ᠡᠯᠪᠡᠭ᠌ ᠪᠠᠶᠠᠯᠢᠭ ᠦᠷ᠎ᠠ ᠪᠦᠲᠦᠮᠵᠢ ᠶᠢ ᠪᠦᠬᠦ ᠲ᠋ᠠᠯ᠎ᠠ ᠪᠠᠷ ᠲ᠋ᠡᠯᠭᠡᠨ ᠦᠵᠡᠬᠦᠯᠬᠦ ᠪᠤᠯᠤᠨ᠎ᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121650901