蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ 2017 ᠣᠨ ᠤ ᠨᠠᠰᠤᠨ ᠳᠤ ᠬᠦᠷᠦᠭᠰᠡᠳ ᠤᠨ ᠶᠡᠭᠡ ᠳᠡᠭᠡᠲᠦ ᠰᠤᠷᠭᠠᠭᠤᠯᠢ ᠶᠢᠨ ᠰᠢᠯᠭᠠᠯᠲᠠ 9 ᠰᠠᠷ᠎ᠠ ᠶᠢᠨ 18 ᠤ ᠡᠳᠦᠷ ᠠᠴᠠ ᠡᠬᠢᠯᠡᠵᠦ ᠨᠡᠷ᠎ᠡ ᠮᠡᠳᠡᠭᠦᠯᠦᠨ᠎ᠡ

2017-09-15 16:39

    ᠥᠪᠥᠷ ᠮᠣᠩᠭ᠋ᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠡᠴᠡ ᠦᠪᠦᠷ ᠮᠣᠩᠭᠣᠯ ᠤᠨ 2017 ᠣᠨ ᠤ ᠨᠠᠰᠤᠨ ᠳᠤ ᠬᠦᠷᠦᠭᠰᠡᠳ ᠤᠨ ᠶᠡᠭᠡ ᠳᠡᠭᠡᠲᠦ ᠰᠤᠷᠭᠠᠭᠤᠯᠢ ᠶᠢᠨ ᠰᠢᠯᠭᠠᠯᠲᠠ 9 ᠰᠠᠷ᠎ᠠ ᠶᠢᠨ 18 ᠤ ᠡᠳᠦᠷ ᠠᠴᠠ 9 ᠰᠠᠷ᠎ᠠ ᠶᠢᠨ 24 ᠤ ᠡᠳᠦᠷ ᠪᠣᠯᠲᠠᠯ᠎ᠠ ᠨᠡᠷ᠎ᠡ ᠮᠡᠳᠡᠭᠦᠯᠦᠨ᠎ᠡ᠂ ᠬᠤᠭᠤᠴᠠᠭ᠎ᠠ ᠨᠢ ᠬᠡᠲᠦᠷᠡᠪᠡᠯ ᠬᠦᠯᠢᠶᠡᠨ ᠠᠪᠴᠤ ᠰᠢᠶ᠋ᠳᠪᠦᠷᠢᠯᠡᠬᠦ ᠦᠭᠡᠢ ᠬᠡᠰᠡᠨ ᠮᠡᠳᠡᠭᠡ ᠵᠠᠩᠬᠢ ᠨᠡᠶᠢᠲᠡᠯᠡᠪᠡ᠃

    ᠨᠡᠷ᠎ᠡ ᠮᠡᠳᠡᠭᠦᠯᠬᠦ ᠦᠨᠳᠦᠰᠦᠨ ᠨᠥᠬᠦᠴᠡᠯ᠄ 2017 ᠤᠨ ᠤ 9 ᠰᠠᠷ᠎ᠠ ᠶᠢᠨ 17 ᠤ ᠡᠳᠦᠷ ᠪᠣᠯᠲᠠᠯ᠎ᠠ᠂ ᠦᠪᠦᠷ ᠮᠣᠩᠭᠣᠯ ᠤᠨ ᠡᠷᠦᠬᠡ ᠠᠮᠠ ᠶᠢᠨ ᠳᠠᠩᠰᠠ ᠲᠠᠢ ᠪᠤᠶᠤ ᠦᠪᠦᠷ ᠮᠣᠩᠭᠣᠯ ᠤᠨ ᠬᠡᠪᠴᠢᠶᠡᠨ ᠳᠤ ᠠᠵᠢᠯ ᠡᠷᠬᠢᠯᠡᠵᠤ ᠪᠠᠶᠢᠭ᠎ᠠ ᠭᠠᠵᠠᠷ ᠲᠠᠭᠠᠨ ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ (ᠲᠦᠷᠢᠶᠡᠰᠦᠯᠡᠭᠰᠡᠨ ᠢ ᠪᠠᠭᠲᠠᠭᠠᠨ᠎ᠠ) ᠲᠠᠢ ᠮᠦᠷᠲᠡᠭᠡᠨ ᠵᠠᠯᠭ᠎ᠠ ᠪᠠᠷ ᠣᠷᠣᠰᠢᠨ ᠰᠠᠭᠤᠬᠤ᠂ ᠬᠠᠤᠯᠢ ᠳᠤ ᠨᠡᠶᠢᠴᠡᠭᠰᠡᠨ ᠡᠷᠬᠢᠯᠡᠭᠰᠡᠨ ᠠᠵᠢᠯ ᠲᠠᠢ ᠮᠥᠷᠲᠡᠭᠡᠨ ᠭᠠᠶᠢᠯᠢ (ᠪᠤᠶᠤ ᠤᠯᠤᠰ ᠤᠨ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠳᠤ ᠤᠷᠤᠯᠴᠠᠭᠰᠠᠨ) ᠲᠤᠰᠢᠶᠠᠭᠠᠳ ᠪᠦᠬᠦᠯᠢ ᠬᠤᠶᠠᠷ ᠵᠢᠯ ᠪᠤᠯᠤᠭᠰᠠᠨ ᠰᠢᠯᠭᠠᠭᠤᠯᠤᠭᠰᠠᠳ ᠨᠡᠷ᠎ᠡ ᠮᠡᠳᠡᠭᠦᠯᠵᠤ ᠪᠣᠯᠤᠨ᠎ᠠ᠃ ᠡᠬᠦᠨ ᠠᠴᠠ ᠭᠠᠳᠠᠨ᠎ᠠ᠂ ᠦᠨᠳᠦᠷ ᠳᠤᠮᠳᠠᠳᠤ ᠠᠴᠠ ᠵᠢᠩᠬᠢᠨᠢ ᠠᠩᠬᠢ᠂ ᠲᠤᠰᠬᠠᠶ ᠮᠡᠷᠭᠡᠵᠢᠯ ᠤᠨ ᠠᠩᠬᠢ ᠳᠤ ᠳᠠᠪᠰᠢᠬᠦ ᠰᠢᠯᠭᠠᠭᠤᠯᠤᠭᠰᠠᠳ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ(ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠠᠵᠢᠯ ᠮᠡᠷᠭᠡᠵᠢᠯ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ᠂ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ᠂ ᠮᠡᠷᠭᠡᠵᠢᠯ ᠤᠨ ᠰᠤᠷᠭᠠᠭᠤᠯᠢ ᠵᠡᠷᠭᠡ ᠪᠠᠭᠲᠠᠨ᠎ᠠ) ᠠᠴᠠ ᠲᠡᠭᠦᠰᠦᠭᠰᠡᠨ ᠰᠣᠶᠣᠯ ᠤᠨ ᠬᠢᠷᠢ ᠬᠡᠮᠵᠢᠶ᠎ᠡ ᠲᠠᠢ ᠪᠠᠶᠢᠬᠤ ᠬᠡᠷᠡᠭᠲᠠᠢ᠃ ᠲᠤᠰᠬᠠᠢ ᠮᠡᠷᠭᠡᠵᠢᠯ ᠤᠨ ᠰᠤᠷᠭᠠᠭᠤᠯᠢ ᠠᠴᠠ ᠵᠢᠩᠬᠢᠨᠢ ᠠᠩᠬᠢ ᠳᠤ ᠳᠡᠪᠰᠢᠬᠦ ᠰᠢᠯᠭᠠᠭᠤᠯᠤᠭᠰᠠᠳ ᠡᠷᠬᠡᠪᠰᠢ ᠰᠤᠷᠭᠠᠨ ᠬᠥᠮᠦᠵᠢᠯ ᠤᠨ ᠶᠠᠮᠤᠨ ᠢᠶᠠᠷ ᠬᠢᠨᠠᠨ ᠲᠤᠭᠲᠠᠭᠠᠯᠭᠠᠵᠤ ᠵᠦᠪᠰᠢᠶᠡᠷᠡᠬᠦᠯᠦᠭᠰᠡᠨ ᠢᠷᠭᠡᠨ ᠤ ᠰᠤᠷᠭᠠᠨ ᠬᠥᠮᠦᠵᠢᠯ ᠤᠨ ᠰᠢᠷᠢᠰ ᠳᠡᠭᠡᠳᠦ ᠰᠤᠷᠭᠠᠭᠤᠯᠢ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠥᠪᠡᠷᠲᠡᠭᠡᠨ ᠰᠣᠷᠣᠭᠰᠠᠳ ᠤᠨ ᠰᠢᠯᠭᠠᠯᠲᠠ ᠶᠢᠨ ᠪᠠᠶᠢᠭᠤᠯᠤᠮᠵᠢ ᠠᠴᠠ ᠣᠯᠭᠤᠭᠰᠠᠨ ᠲᠤᠰᠬᠠᠶ ᠮᠡᠷᠭᠡᠵᠢᠯ ᠤᠨ ᠰᠤᠷᠭᠠᠭᠤᠯᠢ ᠠᠴᠠ ᠲᠡᠭᠦᠰᠦᠭᠰᠡᠨ ᠦᠨᠡᠮᠯᠡᠯ᠂ ᠵᠢᠩᠬᠢᠨᠢ ᠠᠩᠬᠢ ᠶᠢᠨ ᠰᠤᠷᠤᠯᠭ᠎ᠠ ᠲᠡᠭᠦᠰᠦᠭᠰᠡᠨ ᠦᠨᠡᠮᠯᠡᠯ ᠪᠤᠶᠤ ᠡᠭᠦᠨ ᠠᠴᠠ ᠳᠡᠭᠡᠭ᠍ᠰᠢᠬᠢ ᠦᠨᠡᠮᠯᠡᠯ ᠲᠠᠢ ᠪᠠᠶᠢᠬᠤ ᠬᠡᠷᠡᠭᠲᠠᠢ᠃

    ᠨᠠᠰᠤᠨ ᠳᠤ ᠬᠦᠷᠦᠭᠰᠡᠳ ᠤᠨ ᠶᠡᠭᠡ ᠳᠡᠭᠡᠳᠦ ᠰᠤᠷᠭᠠᠭᠤᠯᠢ ᠶᠢᠨ ᠠᠨᠠᠭᠠᠬᠤ ᠤᠬᠠᠭᠠᠨ ᠤ ᠲᠤᠰᠬᠠᠶ ᠮᠡᠷᠭᠡᠵᠢᠯ ᠤᠨ ᠲᠥᠷᠥᠯ ᠳᠤ ᠨᠡᠷ᠎ᠡ ᠮᠡᠳᠡᠭᠦᠯᠬᠦ ᠰᠢᠯᠭᠠᠭᠤᠯᠤᠭᠰᠠᠳ ᠲᠤ ᠠᠰᠲᠠᠭᠠᠨ ᠬᠢᠵᠠᠭᠠᠷᠯᠠᠬᠤ ᠱᠠᠭᠠᠷᠳᠠᠯᠭ᠎ᠠ ᠲᠠᠢ᠃

ᠢᠷᠡᠯᠳᠡ᠄ ᠦᠪᠦᠷ ᠮᠣᠩᠭᠣᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011100001121670687