蒙古文网站Logo
ᠰᠢᠨᠬᠤᠸᠠ ᠮᠤᠩᠭ᠋ᠤᠯ ᠨᠧᠲ

ᠢᠷᠡᠬᠦ ᠭᠤᠷᠪᠠᠨ ᠬᠤᠨᠤᠭ ᠲᠤ ᠦᠪᠦᠷ ᠮᠤᠩᠭᠤᠯ ᠤᠨ ᠵᠡᠬᠦᠨ ᠪᠦᠰᠡ  ᠳᠤ ᠪᠤᠷᠤᠭᠠᠨ ᠬᠤᠷ᠎ᠠ ᠤᠷᠤᠵᠤ ᠲᠤᠮᠲᠠ ᠪᠦᠰᠡ ᠶᠢᠨ ᠠᠭᠠᠷ ᠤᠨ ᠲᠤᠯᠠᠭᠠᠨ ᠪᠠᠭᠤᠷᠠᠨ᠎ᠠ

2017-09-15 18:41

    9 ᠰᠠᠷ᠎ᠠ ᠶᠢᠨ 15 ᠤ ᠡᠲᠦᠷ ᠤᠨ 8᠄ 00 ᠴᠠᠭ ᠡᠴᠡ 9 ᠰᠠᠷ᠎᠎᠎ᠠ ᠶᠢᠨ 16 ᠤ ᠡᠲᠦᠷ ᠤᠨ 8᠄ 00 ᠴᠠᠭ ᠪᠤᠯᠲᠠᠯ᠎ᠠ ᠦᠪᠦᠷ ᠮᠤᠩᠭᠤᠯ ᠤᠨ ᠪᠠᠷᠠᠭᠤᠨ ᠪᠦᠰᠡ ᠶᠢᠨ ᠵᠡᠬᠦᠨ ᠬᠡᠰᠡᠭ᠂ ᠪᠠᠷᠠᠭᠤᠨ ᠪᠦᠰᠡ ᠶᠢᠨ ᠡᠮᠦᠨ᠎ᠡ ᠬᠡᠰᠡᠭ ᠪᠠ ᠵᠡᠬᠦᠨ ᠪᠦᠰᠡ ᠪᠡᠷ ᠡᠬᠦᠯᠡ ᠲᠠᠢ᠂ ᠲᠤᠮᠲᠠ ᠪᠠᠷᠠᠭᠤᠨ ᠪᠦᠰᠡ ᠶᠢᠨ ᠡᠮᠦᠨ᠎ᠡ ᠬᠡᠰᠡᠭ ᠢᠶᠡᠷ ᠪᠠᠭ᠎ᠠ ᠪᠤᠷᠤᠭᠠᠨ ᠤᠷᠤᠨ᠎ᠠ᠂ ᠤᠷᠲᠤᠰ ᠤᠨ ᠵᠡᠬᠦᠨ ᠬᠤᠶᠢᠲᠤ ᠪᠦᠰᠡ᠂ ᠲᠦᠩᠯᠢᠶᠤᠤ ᠶᠢᠨ ᠬᠤᠶᠢᠲᠤ ᠪᠦᠰᠡ᠂ ᠬᠢᠩᠭᠠᠨ ᠤ ᠡᠮᠦᠨ᠎ᠡ ᠪᠦᠰᠡ ᠳ᠋ᠤ ᠲᠤᠮᠲᠠ ᠵᠡᠷᠭᠡ ᠶᠢᠨ ᠪᠤᠷᠤᠭᠠᠨ ᠤᠷᠤᠨ᠎ᠠ᠃ ᠦᠪᠦᠷ ᠮᠤᠩᠭᠤᠯ ᠤᠨ ᠪᠠᠷᠠᠭᠤᠨ ᠪᠦᠰᠡ ᠶᠢᠨ ᠬᠤᠶᠢᠲᠤ ᠬᠡᠰᠡᠭ ᠢᠶᠡᠷ ᠵᠡᠬᠦᠨ ᠡᠴᠡ 4 – 5 ᠲᠡᠰ ᠤᠨ ᠰᠠᠯᠬᠢ ᠲᠠᠢ᠂ ᠲᠤᠮᠲᠠ ᠪᠦᠰᠡ ᠶᠢᠨ ᠬᠤᠶᠢᠲᠤ ᠬᠡᠰᠡᠭ ᠲᠤ ᠪᠠᠷᠠᠭᠤᠨ ᠬᠤᠶᠢᠨ᠎ᠠ ᠡᠴᠡ 4 – 5 ᠲᠡᠰ ᠤᠨ ᠰᠠᠯᠬᠢ ᠲᠠᠢ᠂ ᠪᠠᠷᠠᠭᠤᠨ ᠬᠤᠶᠢᠲᠤ ᠪᠦᠰᠡ ᠶᠢᠨ ᠠᠭᠠᠷ ᠤᠨ ᠲᠤᠯᠠᠭᠠᠨ ᠪᠠᠭᠤᠷᠠᠨ᠎ᠠ᠃

    9 ᠰᠠᠷ᠎ᠠ᠎ ᠶᠢᠨ 16 ᠤ ᠡᠲᠦᠷ ᠤᠨ 8᠄ 00 ᠴᠠᠭ ᠡᠴᠡ 9 ᠰᠠᠷ᠎ᠠ ᠶᠢᠨ 17 ᠤ ᠡᠲᠦᠷ ᠤᠨ 8᠄ 00 ᠴᠠᠭ ᠪᠤᠯᠲᠠᠯ᠎ᠠ ᠦᠪᠦᠷ ᠮᠤᠩᠭᠤᠯ ᠤᠨ ᠪᠠᠷᠠᠭᠤᠨ ᠪᠦᠰᠡ ᠶᠢᠨ ᠡᠮᠦᠨ᠎ᠡ ᠬᠡᠰᠡᠭ ᠪᠠ ᠵᠡᠬᠦᠨ ᠪᠦᠰᠡ ᠳ᠋ᠤ ᠡᠭᠦᠯᠡᠰᠢᠵᠤ ᠪᠠᠭ᠎ᠠ ᠪᠤᠷᠤᠭᠠᠨ ᠤᠷᠤᠨ᠎ᠠ᠂ ᠬᠢᠩᠭᠠᠨ ᠤ ᠵᠡᠬᠦᠨ ᠪᠦᠰᠡ᠂ ᠲᠦᠩᠯᠢᠶᠤᠤ ᠶᠢᠨ ᠵᠡᠬᠦᠨ ᠡᠮᠦᠨ᠎ᠡ ᠪᠦᠰᠡ ᠳ᠋ᠤ ᠲᠤᠮᠲᠠ ᠵᠡᠷᠭᠡ ᠶᠢᠨ ᠪᠤᠷᠤᠭᠠᠨ ᠤᠷᠤᠨ᠎ᠠ᠃ ᠦᠪᠦᠷ ᠮᠤᠩᠭᠤᠯ ᠤᠨ ᠲᠤᠮᠲᠠ ᠪᠠᠷᠠᠭᠤᠨ ᠪᠦᠰᠡ ᠳ᠋ᠤ ᠪᠠᠷᠠᠭᠤᠨ ᠬᠤᠶᠢᠨ᠎ᠠ ᠡᠴᠡ 4 -5 ᠲᠡᠰ ᠤᠨ ᠰᠠᠯᠬᠢ ᠲᠠᠢ᠂ ᠲᠦᠷ ᠵᠠᠭᠤᠷ᠎ᠠ 6 ᠲᠡᠰ ᠲᠤ ᠬᠦᠷᠦᠨ᠎ᠡ᠃ ᠲᠤᠮᠲᠠ ᠪᠦᠰᠡ ᠶᠢᠨ ᠠᠭᠠᠷ ᠤᠨ ᠲᠤᠯᠠᠭᠠᠨ 6 – 8 ᠭᠷᠠᠳᠦ᠋ᠰ ᠪᠠᠭᠤᠷᠠᠨ᠎ᠠ᠂ ᠰᠢᠯᠢ ᠶᠢᠨ ᠭᠤᠤᠯ ᠤᠨ ᠲᠤᠮᠲᠠ ᠪᠦᠰᠡ ᠶᠢᠨ ᠠᠭᠠᠷ ᠤᠨ ᠲᠤᠯᠠᠭᠠᠨ 8 – 10 ᠭᠷᠠᠳᠦ᠋ᠰ ᠪᠠᠭᠤᠷᠠᠨ᠎ᠠ᠃

    9 ᠰᠠᠷ᠎ᠠ ᠶᠢᠨ 17 ᠤ ᠡᠲᠦᠷ ᠤᠨ 8᠄ 00 ᠴᠠᠭ ᠡᠴᠡ 9 ᠰᠠᠷ᠎᠎ᠠ ᠶᠢᠨ 18 ᠤ ᠡᠲᠦᠷ ᠤᠨ 8᠄ 00 ᠴᠠᠭ ᠪᠤᠯᠲᠠᠯ᠎ᠠ ᠦᠪᠦᠷ ᠮᠤᠩᠭᠤᠯ ᠤᠨ ᠵᠡᠬᠦᠨ ᠪᠦᠰᠡ ᠳ᠋ᠤ ᠡᠬᠦᠯᠡᠰᠢᠨ᠎ᠡ᠂ ᠡᠭᠦᠨ ᠳ᠋ᠤ ᠰᠢᠯᠢ ᠶᠢᠨ ᠭᠤᠤᠯ ᠤᠨ ᠵᠡᠬᠦᠨ ᠪᠦᠰᠡ᠂ ᠤᠯᠠᠭᠠᠨᠬᠠᠲᠠ ᠶᠢᠨ ᠵᠡᠬᠦᠨ ᠪᠦᠰᠡ᠂ ᠲᠦᠩᠯᠢᠶᠤᠤ᠂ ᠬᠢᠩᠭᠠᠨ᠂ ᠬᠦᠯᠦᠨ ᠪᠤᠶᠢᠷ ᠤᠨ ᠡᠮᠦᠨ᠎ᠡ ᠪᠦᠰᠡ ᠳ᠋ᠤ ᠪᠠᠭ᠎ᠠ ᠪᠤᠷᠤᠭᠠᠨ ᠤᠷᠤᠨ᠎ᠠ᠃

ᠢᠷᠡᠯᠳᠡ᠄ ᠰᠢᠨᠬᠤᠸᠠ ᠮᠤᠩᠭ᠋ᠤᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120791121671367