蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠳᠤ ᠤᠳᠠᠬᠤ ᠦᠭᠡᠢ ᠶᠡᠬᠡ ᠰᠠᠯᠬᠢ ᠰᠠᠯᠬᠢᠯᠠᠵᠤ ᠴᠠᠭ ᠠᠭᠠᠷ ᠬᠦᠢᠳᠡᠷᠡᠨ᠎ᠠ

2017-09-21 11:39

    ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠠᠰᠬᠠᠤ ᠤᠷᠤᠨ ᠤ ᠴᠠᠭ ᠠᠭᠤᠷ ᠤᠨ ᠲᠤᠪᠴᠢᠶ᠎ᠠ ᠡᠴᠡ ᠤᠶᠢᠯᠠᠭᠠᠭᠰᠠᠨ ᠢᠶᠡᠷ᠂ ᠤᠷᠢᠳᠴᠢᠯᠠᠨ ᠲᠤᠭᠠᠴᠠᠭᠠᠯᠠᠭᠰᠠᠨ ᠢᠶᠡᠷ 21 ᠡᠴᠡ 23 ᠤ ᠡᠳᠦᠷ ᠪᠤᠯᠲᠠᠯ᠎ᠠ ᠦᠨᠳᠦᠷ ᠭᠦᠢᠲᠡᠨ ᠤᠶᠢᠯ ᠤᠨ ᠨᠦᠯᠦᠭᠡ ᠡᠴᠡ ᠪᠤᠯᠵᠤ ᠤᠷᠤᠨ ᠳᠠᠶᠠᠭᠠᠷ ᠲᠤ ᠪᠠᠷᠠᠭᠤᠨ ᠡᠴᠡ ᠵᠡᠭᠦᠨᠰᠢ ᠶᠡᠬᠡ ᠰᠠᠯᠬᠢ ᠰᠠᠯᠬᠢᠯᠠᠵᠤ ᠴᠠᠭ ᠠᠭᠠᠷ ᠬᠦᠢᠲᠡᠷᠡᠨ᠎ᠠ᠃ ᠪᠠᠷᠠᠭᠤᠨ ᠬᠡᠰᠡᠭ ᠤᠨ ᠬᠤᠶᠢᠭᠤᠷᠬᠢ ᠪᠦᠰᠡ ᠨᠤᠲᠤᠭ ᠪᠤᠯᠤᠨ ᠳᠤᠮᠳᠠ ᠬᠡᠰᠡᠭ ᠤᠨ ᠬᠤᠶᠢᠭᠤᠷᠬᠢ ᠪᠦᠰᠡ ᠨᠤᠲᠤᠭ ᠲᠤ ᠲᠤᠭᠤᠰᠤ ᠳᠡᠭᠳᠡᠵᠤ᠂ ᠳᠤᠮᠳᠠ ᠬᠡᠰᠡᠭ ᠤᠨ ᠡᠮᠦᠨᠡᠭᠦᠷ ᠪᠤᠯᠤᠨ ᠵᠡᠭᠦᠨ ᠪᠦᠰᠡ ᠨᠤᠲᠤᠭ ᠲᠤ ᠬᠤᠷ᠎ᠠ ᠲᠤᠨᠳᠠᠰᠤ ᠪᠠᠭᠤᠨ᠎ᠠ᠃

    ᠦᠪᠦᠷ ᠮᠣᠩᠭᠣᠯ ᠤᠨ ᠴᠠᠭ ᠠᠭᠤᠷ ᠤᠨ ᠲᠤᠪᠴᠢᠶ᠎ᠠ᠂ ᠡᠯ᠎ᠠ ᠪᠦᠰᠡ ᠨᠤᠲᠤᠬ ᠴᠠᠭ ᠠᠭᠤᠷ ᠤᠨ ᠪᠠᠶᠢᠳᠠᠯ ᠢ ᠴᠠᠭ ᠲᠤᠬᠠᠢ ᠳᠤᠨᠢ ᠤᠶᠢᠯᠠᠭᠠᠵᠤ᠂ ᠲᠠᠷᠢᠮᠠᠯ ᠤᠨ ᠤᠷᠭᠤᠯᠲᠠ ᠶᠢ ᠠᠨᠭᠬᠠᠷᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠤ᠂ ᠨᠠᠮᠤᠷ ᠤᠨ ᠬᠤᠷᠢᠶᠠᠯᠲᠠ ᠶᠢᠨ ᠠᠬᠢᠴᠠ ᠶᠢ ᠵᠤᠬᠢᠰᠲᠠᠢ ᠲᠤᠬᠢᠷᠠᠭᠤᠯᠵᠤ᠂ ᠪᠤᠭᠤᠲᠠᠢ ᠬᠤᠷᠢᠶᠠᠬᠤ ᠰᠢᠪᠲᠤᠷᠠᠭᠠᠨ ᠤ ᠠᠵᠢᠯ ᠢ ᠰᠠᠶᠢᠲᠤᠷ ᠵᠤᠬᠢᠴᠠᠭᠤᠯᠵᠤ᠂ ᠡᠷᠳᠡᠨᠢ ᠰᠢᠰᠢ᠂ ᠲᠦᠮᠦᠰᠤ ᠶᠢᠨ ᠬᠤᠷᠢᠶᠠᠯᠲᠠ ᠶᠢᠨ ᠠᠬᠢᠴᠠ ᠶᠢ ᠲᠦᠷᠭᠡᠳᠭᠡᠨ᠂ ᠲᠡᠭᠷᠢ ᠬᠦᠢᠲᠡᠷᠡᠵᠤ ᠬᠤᠷᠢᠶᠠᠯᠲᠠ ᠶᠢ ᠨᠦᠯᠦᠭᠡᠯᠡᠬᠦ ᠡᠴᠡ ᠵᠠᠶᠢᠯᠠᠰᠬᠢᠬᠦ ᠬᠡᠷᠡᠭᠲᠠᠢ ᠬᠡᠮᠡᠨ ᠰᠠᠨᠠᠭᠤᠯᠵᠤ ᠪᠠᠶᠢᠨ᠎ᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011100001121701324