蒙古文网站Logo
ᠰᠢᠨᠬᠤᠸᠠ ᠮᠤᠩᠭ᠋ᠤᠯ ᠨᠧᠲ

2017 ᠬᠤᠶᠠᠳᠤᠭᠠᠷ ᠬᠤᠭᠤᠴᠠᠭᠠ ᠤ ᠳᠤᠮᠳᠠᠳᠤ ᠮᠤᠩᠭ᠋ᠤᠯ ᠤᠨ ᠦᠵᠡᠰᠭᠦᠯᠡᠩ ᠤᠨ ᠴᠤᠭᠯᠠᠭᠠᠨ 9 ᠰᠠᠷ᠎ᠠ ᠶᠢᠨ 26 ᠤ  ᠡᠳᠦᠷ ᠡᠬᠢᠯᠡᠨ᠎ᠠ

2017-09-21 11:38

    《 ᠳᠤᠮᠳᠠᠳᠤ ᠮᠤᠩᠭ᠋ᠤᠯ ᠤᠷᠤᠰ ᠤᠨ ᠠᠵᠤ ᠠᠬᠤᠢ ᠵᠢᠨ ᠬᠤᠩᠬᠢᠯ ᠢ ᠪᠦᠳᠦᠬᠡᠨ ᠪᠠᠢᠢᠭᠤᠯᠵᠤ ᠪᠦᠬᠦ ᠪᠦᠮᠪᠦᠷᠴᠡᠭ ᠲᠦ ᠬᠠᠨᠳᠤᠭᠤᠯᠤᠨ ᠬᠠᠮᠳᠤᠷᠠᠨ ᠠᠵᠢᠯᠯᠠᠵᠤ ᠬᠠᠮᠳᠤᠪᠡᠷ ᠠᠰᠢᠭ ᠬᠦᠷᠳᠡᠶ᠎ᠠ》ᠬᠡᠬᠦ ᠭᠤᠤᠯ ᠰᠡᠳᠦᠪᠳᠤ 2017 ᠬᠤᠶᠠᠳᠤᠭᠠᠷ ᠬᠤᠭᠤᠴᠠᠭᠠᠨ ᠤ ᠳᠤᠮᠳᠠᠳᠦ ᠮᠤᠩᠭ᠋ᠤᠯ ᠤᠨ ᠦᠵᠡᠰᠭᠦᠯᠡᠩ ᠤᠨ ᠴᠤᠭᠯᠠᠭᠠᠨ 9 ᠰᠠᠷ᠎ᠠ ᠶᠢᠨ26 ᠡᠴᠡ 30 ᠤ ᠡᠳᠦᠷ ᠪᠤᠯᠳᠠᠯ᠎ᠠ ᠬᠦᠬᠡᠬᠤᠳᠠ ᠳ᠋ᠤ ᠶᠠᠪᠤᠭᠳᠠᠬᠤ ᠪᠤᠯᠤᠨ᠎ᠠ᠃

    ᠤᠢᠢᠯᠠᠭᠠᠭᠰᠠᠨ ᠵᠢᠡᠷ᠂ ᠦᠵᠡᠰᠭᠦᠯᠡᠩ ᠤᠨ ᠴᠤᠭᠯᠠᠭᠠᠨ ᠨᠢ《ᠪᠦᠬᠦᠳᠡ ᠨᠠᠢᠢᠷᠠᠮᠳᠠᠬᠤ ᠳᠤᠮᠳᠠᠳᠤ ᠠᠷᠠᠳ ᠤᠯᠤᠰ ᠪᠤᠯᠤᠨ ᠮᠤᠩᠭ᠋ᠤᠯ ᠤᠯᠤᠰ ᠤᠨ ᠪᠦᠬᠦ ᠳᠠᠯ᠎ᠠ ᠶᠢᠨ ᠪᠠᠢᠢᠯᠳᠤᠬᠤ ᠪᠤᠳᠤᠯᠭ᠎ᠠ ᠶᠢᠨ ᠲᠦᠨᠭᠰᠢᠯᠡᠯ ᠤᠨ ᠬᠠᠷᠢᠯᠴᠠᠭ᠎ᠠ ᠵᠢ ᠪᠠᠢᠢᠭᠤᠯᠤᠨ ᠬᠦᠭ᠍ᠵᠢᠬᠦᠯᠬᠦ ᠳᠤᠬᠠᠢ ᠬᠠᠮᠳᠤᠷᠠᠭᠰᠠᠨ ᠳᠤᠩᠬᠠᠭ》 ᠢ᠋ᠶ᠋ᠡᠷ ᠦᠨᠳᠦᠰᠦᠯᠡᠯ ᠪᠤᠯᠭᠠᠨ᠂ ᠶᠡᠷᠦᠩᠬᠡᠢ ᠱᠦᠵᠢ ᠰᠢ ᠵᠢᠨ ᠫᠢᠩ ᠤᠨ ᠳᠤᠷᠠᠳᠤᠭᠰᠠᠨ《ᠳᠤᠮᠳᠠᠳᠤ ᠮᠤᠩᠭ᠋ᠤᠯ ᠬᠤᠶᠠᠷ ᠤᠯᠤᠰ ᠤᠨ ᠵᠠᠰᠠᠭ ᠤᠨ ᠤᠷᠳᠤᠨ ᠡᠴᠡ ᠬᠠᠮᠳᠤᠪᠡᠷ ᠰᠠᠨᠠᠭᠠᠴᠢᠯᠠᠵᠤ᠂ ᠪᠦᠬᠦ ᠲᠠᠯᠠᠬᠡᠢ ᠳ᠋ᠤ ᠬᠠᠨᠳᠤᠭᠤᠯᠤᠭᠰᠠᠨ ᠤᠯᠠᠨ ᠤᠯᠤᠰ ᠤᠨ ᠴᠢᠨᠠᠷᠳᠠᠢ ᠦᠵᠡᠰᠭᠦᠯᠡᠩ ᠤᠨ ᠬᠤᠷᠠᠯ》 ᠢ᠋ ᠦᠢᠯᠡᠳᠦᠯᠭᠡᠵᠢᠭᠦᠯᠭᠦ ᠪᠡᠷ ᠬᠠᠷᠠᠯᠳᠠ ᠪᠤᠯᠭᠠᠵᠤ᠂ ᠦᠪᠦᠷ ᠮᠤᠩᠭ᠋ᠤᠯ ᠤᠨ ᠤᠷᠤᠨ ᠪᠠᠢᠢᠷᠢ ᠵᠢᠨ ᠳᠠᠪᠠᠭᠤᠯᠢᠭ᠂ ᠤᠨᠴᠠᠯᠢᠭᠳᠤ ᠠᠵᠤ ᠦᠢᠯᠡᠰ ᠤᠨ ᠳᠠᠪᠠᠭᠤᠯᠢᠭ ᠵᠢᠴᠢ ᠳᠤᠮᠳᠠᠳᠤ ᠮᠤᠩᠭ᠋ᠤᠯ ᠬᠤᠶᠠᠷ ᠤᠯᠤᠰ ᠤᠨ ᠤᠳᠤᠬᠠᠨ ᠳ᠋ᠤ ᠪᠠᠢᠢᠭ᠎ᠠ ᠤᠯᠠᠨ ᠬᠦᠷᠢᠶ᠎ᠠ ᠴᠠᠷᠠᠭᠠᠨ ᠳᠡᠬᠢ ᠬᠠᠮᠳᠤᠷᠠᠯᠴᠠᠭᠠᠨ ᠤ ᠰᠠᠭᠤᠷᠢᠨ ᠢ ᠠᠰᠢᠬᠯᠠᠵᠤ᠂ ᠳᠤᠮᠳᠠᠳᠤ ᠮᠤᠩᠭ᠋ᠤᠯ ᠤᠨ ᠦᠵᠡᠰᠭᠦᠯᠡᠩ ᠤᠨ ᠴᠤᠭᠯᠠᠭᠠᠨ ᠤ ᠬᠠᠮᠳᠤᠷᠠᠯᠴᠠᠭᠠᠨ ᠤ ᠳᠤᠭᠳᠠᠴᠠ ᠶᠢ ᠪᠠᠢᠢᠭᠤᠯᠤᠨ ᠪᠦᠷᠢᠨᠰᠢᠭᠦᠯᠵᠤ᠂ ᠳᠤᠮᠳᠠᠳᠤ ᠮᠤᠩᠭ᠋ᠤᠯ ᠬᠤᠶᠠᠷ ᠤᠯᠤᠰ ᠵᠢᠴᠢ ᠳᠡᠯᠡᠭᠡᠢ ᠵᠢᠨ ᠡᠯ᠎ᠠ ᠤᠯᠤᠰ ᠤᠨ ᠬᠠᠷᠢᠯᠴᠠᠭ᠎ᠠ ᠶᠢ ᠪᠦᠬᠦ ᠳᠠᠯ᠎ᠠ ᠪᠡᠷ ᠦᠷᠭᠡᠳᠭᠡᠨ᠂ ᠬᠠᠮᠳᠤᠷᠠᠯᠴᠠᠭᠠᠨ ᠤ ᠨᠦᠭᠡᠴᠡ ᠬᠦᠴᠦᠨ ᠢ ᠢᠯᠡᠷᠡᠭᠦᠯᠦᠨ ᠬᠠᠮᠳᠤᠷᠠᠯᠴᠠᠭᠠᠨ ᠤ ᠲᠦᠪᠰᠢᠨ ᠢ ᠳᠡᠭᠡᠭ᠍ᠰᠢᠯᠡᠭᠦᠯᠵᠤ᠂ ᠬᠠᠷᠢᠯᠴᠠᠨ ᠠᠰᠢᠬᠳᠠᠢ ᠬᠠᠮᠳᠤᠪᠡᠷ ᠠᠰᠢᠬ ᠬᠦᠷᠳᠡᠭᠰᠡᠨ᠂ ᠬᠠᠮᠳᠤᠪᠡᠷ ᠬᠦᠭ᠍ᠵᠢᠭᠰᠡᠨ᠂ ᠪᠦᠬᠦ ᠲᠠᠯᠠᠭᠡᠢ ᠳ᠋ᠦ ᠬᠠᠨᠳᠤᠭᠤᠯᠤᠭᠰᠠᠨ ᠰᠤᠯᠢᠯᠴᠠᠭ᠎ᠠ ᠬᠠᠮᠳᠤᠷᠠᠯᠴᠠᠭᠠᠨ ᠤ ᠲᠠᠪᠴᠠᠩ ᠢ ᠪᠦᠬᠦ ᠬᠦᠴᠦᠨ ᠢᠶᠡᠷ ᠢᠶᠡᠨ ᠴᠤᠭᠴᠠᠯᠠᠬᠤ ᠪᠤᠯᠤᠨ᠎ᠠ᠃

    ᠳᠤᠰ ᠬᠤᠭᠤᠴᠠᠭᠠᠨ ᠤ ᠦᠵᠡᠰᠭᠦᠯᠡᠩ ᠤᠨ ᠴᠤᠭᠯᠠᠭᠠᠨ ᠨᠢ ᠳᠤᠮᠳᠠᠳᠤ ᠮᠤᠩᠭ᠋ᠤᠯ ᠤᠨ ᠬᠦᠷᠦᠩᠭᠡ ᠤᠷᠤᠭᠤᠯᠬᠤ ᠤᠷᠴᠢᠨ ᠳᠤᠭᠤᠷᠢᠨ ᠬᠢᠭᠡᠳ ᠭᠤᠤᠯᠳᠠᠯᠭ᠎ᠠ ᠳᠠᠢ ᠲᠦᠷᠦᠯ ᠵᠦᠢᠯ ᠤᠨ ᠳᠠᠨᠢᠯᠴᠠᠭᠤᠯᠭ᠎ᠠ ᠵᠢᠨ ᠬᠤᠷᠠᠯ ᠵᠡᠷᠭᠡ ᠵᠢ ᠪᠠᠭᠳᠠᠭᠠᠭᠰᠠᠨ ᠬᠦᠷᠦᠩᠭᠡ ᠤᠷᠤᠭᠤᠯᠤᠯᠳᠠ ᠠᠷᠠᠯᠵᠢᠶ᠎ᠠ ᠵᠢᠨ ᠵᠦᠪᠳᠡᠯᠴᠡᠭᠡᠷ ᠤᠨ ᠬᠡᠰᠡᠭ ᠂ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ - ᠮᠤᠩᠭ᠋ᠤᠯ ᠤᠯᠤᠰ ᠤᠨ ᠦᠵᠡᠰᠭᠦᠯᠡᠩ ᠤᠨ ᠴᠤᠭᠯᠠᠭᠠᠨ ᠤ ᠡᠬᠢᠯᠡᠯᠳᠡ ᠵᠢᠨ ᠶᠤᠰᠤᠯᠠᠯ ᠵᠢᠴᠢ ᠳᠤᠮᠳᠠᠳᠤ ᠮᠤᠩᠭ᠋ᠤᠯ ᠤᠷᠤᠰ ᠤᠨ ᠬᠠᠮᠳᠤᠷᠠᠯᠴᠠᠭᠠᠨ ᠤ ᠹᠤᠷᠦ᠋ᠮ ᠵᠡᠷᠭᠡ ᠵᠢ ᠪᠠᠭᠳᠠᠭᠠᠭᠰᠠᠨ ᠬᠤᠷᠠᠯ ᠹᠤᠷᠦ᠋ᠮ ᠤᠨ ᠬᠡᠰᠡᠭ᠂ ᠤᠯᠠᠨ ᠤᠯᠤᠰ ᠵᠢᠴᠢ ᠤᠯᠤᠰ ᠤᠨ ᠳᠤᠳᠤᠭᠠᠳᠤ ᠵᠢᠨ ᠪᠠᠷᠠᠭ᠎ᠠ ᠳᠠᠸᠠᠷ ᠤᠨ ᠳᠠᠯᠭᠡᠨ ᠪᠤᠷᠤᠯᠠᠭᠤᠯᠭ᠎ᠠ ᠵᠡᠷᠭᠡ ᠵᠢ ᠪᠠᠭᠳᠠᠭᠠᠭᠰᠠᠨ ᠦᠵᠡᠰᠭᠦᠯᠡᠩ ᠳᠡᠯᠭᠡᠨ ᠦᠵᠡᠭᠦᠯᠦᠯᠭᠡ ᠵᠢᠨ ᠬᠡᠰᠡᠭ᠂ ᠠᠩᠬᠠᠳᠤᠭᠠᠷ ᠬᠤᠭᠤᠴᠠᠭᠠᠨ ᠤ《ᠳᠠᠯ᠎ᠠ ᠨᠤᠳᠤᠭ ᠤᠨ ᠪᠤᠯᠵᠤᠭ᠎ᠠ》 ᠤᠯᠠᠨ ᠤᠯᠤᠰ ᠤᠨ ᠨᠡᠭᠦᠳᠡᠯ ᠰᠤᠶᠤᠯ ᠤᠨ ᠳᠠᠭᠤᠤ ᠬᠦᠭ᠍ᠵᠢᠮ ᠤᠨ ᠨᠠᠢᠢᠷ ᠵᠡᠷᠭᠡ ᠵᠢ ᠪᠠᠭᠳᠠᠭᠠᠭᠰᠠᠨ ᠳᠤᠮᠳᠠᠳᠤ ᠮᠤᠩᠭ᠋ᠤᠯ ᠤᠯᠠᠨ ᠤᠯᠤᠰ ᠤᠨ ᠰᠤᠶᠤᠯ ᠤᠨ ᠰᠤᠯᠢᠯᠴᠠᠭᠠᠨ ᠤ ᠭᠠᠷᠠᠭ ᠤᠨ ᠠᠵᠢᠯᠯᠠᠭ᠎ᠠ ᠵᠢᠨ ᠬᠡᠰᠡᠭ ᠵᠡᠷᠭᠡ《 ᠳᠦᠷᠪᠡᠨ ᠲᠤᠮᠤ ᠬᠡᠰᠡᠭ》 ᠢᠶᠡᠷ ᠶᠠᠪᠤᠭᠳᠠᠬᠤ ᠪᠤᠯᠤᠨ᠎ᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011100001121701394