蒙古文网站Logo
ᠰᠢᠨᠬᠤᠸᠠ ᠮᠤᠩᠭ᠋ᠤᠯ ᠨᠧᠲ

ᠠᠩᠬᠠᠳᠤᠭᠠᠷ ᠬᠤᠭᠤᠴᠠᠭᠠᠨ ᠤ ᠤᠯᠤᠰ ᠳᠠᠶᠠᠭᠠᠷ ᠤᠨ ᠡᠯᠡᠰᠤᠨ ᠤ ᠦᠢᠯᠡᠰ ᠤᠨ ᠰᠢᠨ᠎ᠠ ᠶᠢ ᠡᠭᠦᠳᠴᠤ ᠦᠢᠯᠡᠰ ᠪᠤᠰᠬᠠᠬᠤ ᠤᠷᠤᠯᠳᠤᠭᠠᠨ 11 ᠰᠠᠷ᠎᠎ᠠ ᠳᠤ ᠦᠪᠦᠷ ᠮᠣᠩᠭᠣᠯ ᠳᠤ ᠶᠠᠪᠤᠭᠳᠠᠨ᠎ᠠ

2017-09-21 16:56

    9 ᠰᠠᠷ᠎ᠠ᠎ ᠶᠢᠨ 20 ᠤ ᠡᠳᠦᠷ᠂ 《2017 ᠤᠨ ᠤ ᠠᠩᠬᠠᠳᠤᠭᠠᠷ ᠬᠤᠭᠤᠴᠠᠭᠠᠨ ᠤ ᠤᠯᠤᠰ ᠳᠠᠶᠠᠭᠠᠷ ᠤᠨ ᠡᠯᠡᠰᠤᠨ ᠤ ᠦᠢᠯᠡᠰ ᠤᠨ ᠰᠢᠨ᠎ᠠ ᠶᠢ ᠡᠭᠦᠳᠴᠤ ᠦᠢᠯᠡᠰ ᠪᠤᠰᠬᠠᠬᠤ ᠤᠷᠤᠯᠳᠤᠭᠠᠨ》 ᠤ᠋ ᠬᠡᠪᠯᠡᠯ ᠮᠡᠳᠡᠭᠡᠯᠡᠯ ᠤᠨ ᠬᠤᠷᠠᠯ ᠪᠡᠭᠡᠵᠢᠩ ᠳᠤ ᠶᠠᠪᠤᠭᠳᠠᠪᠠ᠃ ᠰᠤᠷᠪᠤᠯᠵᠢᠯᠠᠭᠴᠢ ᠤᠶᠢᠯᠠᠭᠠᠭᠰᠠᠨ ᠢᠶᠡᠷ᠂ ᠠᠩᠬᠠᠳᠤᠭᠠᠷ ᠬᠤᠭᠤᠴᠠᠭᠠᠨ ᠤ ᠤᠯᠤᠰ ᠳᠠᠶᠠᠭᠠᠷ ᠤᠨ ᠡᠯᠡᠰᠤᠨ ᠤ ᠦᠢᠯᠡᠰ ᠤᠨ ᠰᠢᠨ᠎ᠠ ᠶᠢ ᠡᠭᠦᠳᠴᠤ ᠦᠢᠯᠡᠰ ᠪᠤᠰᠬᠠᠬᠤ ᠤᠷᠤᠯᠳᠤᠭᠠᠨ 11 ᠰᠠᠷ᠎ᠠ ᠶᠢᠨ 9 ᠡᠴᠡ 13 ᠤ ᠡᠳᠦᠷ ᠪᠤᠯᠲᠠᠯ᠎ᠠ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠠᠯᠠᠱᠠ ᠵᠡᠭᠦᠨ ᠬᠤᠰᠢᠭᠤᠨ ᠳᠤ ᠶᠠᠪᠤᠭᠳᠠᠬᠤ ᠶᠤᠮ ᠪᠠᠶᠢᠨ᠎ᠠ᠃

    ᠲᠤᠰ ᠤᠷᠤᠯᠳᠤᠭᠠᠨ ᠢ ᠤᠯᠤᠰ ᠤᠨ ᠰᠢᠨᠵᠢᠯᠡᠬᠦ ᠤᠬᠠᠭᠠᠨ  ᠲᠸᠭ᠍ᠨᠤᠯᠤᠭᠢ ᠶᠢᠨ ᠶᠠᠮᠤᠨ ᠤ ᠨᠡᠶᠢᠭᠡᠮ ᠤᠨ ᠬᠦᠭ᠍ᠵᠢᠯᠲᠠ ᠶᠢᠨ ᠵᠤᠷᠭᠠᠨ ᠡᠴᠡ ᠵᠢᠯᠤᠭᠤᠳᠴᠤ᠂ ᠦᠪᠦᠷ ᠮᠣᠩᠭᠣᠯ᠂ ᠨᠢᠩᠰᠢᠶᠠ᠂ ᠭᠠᠨᠰᠤ᠂ ᠰᠢᠨᠵᠢᠶᠠᠩ᠂ ᠬᠦᠬᠡᠨᠠᠭᠤᠷ᠂ ᠱᠠᠨᠰᠢ ᠵᠢᠷᠭᠤᠭᠠᠨ ᠮᠤᠵᠢ ᠤᠷᠤᠨ ᠤ ᠰᠢᠨᠵᠢᠯᠡᠬᠦ ᠤᠬᠠᠭᠠᠨ  ᠲᠸᠭ᠍ᠨᠤᠯᠤᠭᠢ ᠶᠢᠨ ᠲᠢᠩᠭᠢᠮ ᠪᠤᠯᠤᠨ ᠠᠯᠠᠱᠠ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠡᠬᠢᠷᠭ᠎ᠠ ᠡᠴᠡ ᠬᠠᠮᠲᠤᠷᠠᠨ ᠰᠠᠨᠠᠭᠠᠴᠢᠯᠠᠨ᠎ᠠ᠃ ᠤᠷᠤᠯᠳᠤᠭᠠᠨ ᠨᠢ 《ᠲᠸᠭ᠍ᠨᠤᠯᠤᠭᠢ ᠶᠢᠨ ᠰᠢᠨ᠎ᠠ  ᠡᠭᠦᠳᠦᠯᠲᠠ᠂ ᠶᠡᠬᠡ ᠦᠢᠯᠡᠰ ᠪᠦᠲᠦᠭᠡᠬᠦ》 ᠪᠡᠷ ᠭᠤᠤᠯ ᠰᠡᠳᠦᠪ ᠢᠶᠡᠨ ᠪᠤᠯᠭᠠᠵᠤ᠂ ᠡᠯᠡᠰᠤᠨ ᠤ ᠠᠵᠤ ᠦᠢᠯᠡᠰ ᠤᠨ ᠰᠢᠨ᠎ᠠ ᠡᠭᠦᠳᠦᠯᠲᠠ ᠶᠢᠨ ᠲᠠᠪᠴᠠᠩ ᠢ ᠪᠤᠢ ᠪᠤᠯᠭᠠᠵᠤ᠂ ᠡᠯᠡᠰᠤᠨ ᠤ ᠠᠵᠤ ᠦᠢᠯᠡᠰ ᠤᠨ ᠲᠸᠭ᠍ᠨᠤᠯᠤᠭᠢ ᠶᠢᠨ ᠦᠷ᠎ᠠ ᠪᠦᠲᠦᠮᠵᠢ ᠶᠢ ᠬᠤᠪᠢᠷᠠᠭᠤᠯᠬᠤ ᠶᠢ ᠠᠬᠢᠭᠤᠯᠤᠨ᠂ ᠤᠯᠤᠰ ᠳᠠᠶᠠᠭᠠᠷ ᠲᠤ ᠵᠢᠱᠢᠶᠡᠴᠢ ᠬᠢᠭᠡᠳ ᠬᠦᠳᠦᠯᠬᠦ ᠦᠢᠯᠡᠳᠦᠯ ᠪᠦᠬᠦᠢ ᠰᠢᠨ᠎ᠠ ᠶᠢ ᠡᠭᠦᠳᠬᠦ ᠡᠯᠡᠰᠤᠨ ᠤ ᠠᠵᠤ ᠦᠢᠯᠡᠰ ᠤᠨ ᠬᠦᠭ᠍ᠵᠢᠯᠲᠠ ᠶᠢᠨ ᠵᠠᠭᠪᠤᠷ ᠢ ᠪᠤᠢ ᠪᠤᠯᠭᠠᠬᠤ ᠪᠡᠷ ᠵᠤᠷᠢᠯᠲᠠ ᠪᠡᠨ ᠪᠤᠯᠭᠠᠵᠠᠢ᠃ ᠠᠵᠢᠯᠯᠠᠭᠠᠨ ᠤ ᠬᠤᠭᠤᠴᠠᠭᠠᠨ ᠳᠤ᠂ ᠡᠯᠡᠰᠤᠨ ᠤ ᠠᠵᠤ ᠦᠢᠯᠡᠰ ᠤᠨ ᠰᠢᠨ᠎ᠠ ᠶᠢ ᠡᠭᠦᠳᠴᠤ ᠦᠢᠯᠡᠰ ᠪᠤᠰᠬᠠᠬᠤ ᠤᠷᠤᠯᠳᠤᠭᠠᠨ᠂ ᠡᠯᠡᠰᠤᠨ ᠤ ᠠᠵᠤ ᠦᠢᠯᠡᠰ ᠤᠨ ᠮᠡᠷᠭᠡᠵᠢᠯ ᠤᠨ ᠦᠷ᠎ᠠ ᠪᠦᠲᠦᠮᠵᠢ ᠶᠢᠨ ᠰᠤᠯᠢᠯᠴᠠᠭᠠᠨ ᠤ ᠬᠤᠷᠠᠯ᠂ ᠡᠯᠡᠰᠤᠨ ᠤ ᠠᠵᠤ ᠦᠢᠯᠡᠰ ᠤᠨ ᠭᠠᠷᠤᠯᠲᠠ ᠶᠢᠨ ᠶᠡᠷᠦᠩᠬᠡᠶᠢᠯᠡᠭᠰᠡᠨ ᠠᠷᠠᠯᠵᠢᠶᠠᠨ ᠤ ᠬᠤᠷᠠᠯ᠂ ᠡᠯᠡᠰᠤᠨ ᠤ ᠠᠵᠤ ᠦᠢᠯᠡᠰ ᠤᠨ ᠴᠢᠳᠠᠪᠤᠷᠢᠲᠠᠨ ᠰᠤᠯᠢᠯᠴᠠᠬᠤ ᠬᠤᠷᠠᠯ ᠵᠡᠷᠭᠡ ᠲᠦᠷᠪᠡᠨ ᠠᠵᠢᠯᠯᠠᠭ᠎ᠠ ᠲᠠᠢ᠃ ᠤᠯᠤᠰ ᠤᠨ ᠲᠤᠳᠤᠭᠠᠲᠤ ᠶᠢᠨ ᠡᠯᠡᠰᠤᠨ ᠤ ᠠᠵᠤ ᠦᠢᠯᠡᠰ ᠢᠶᠡᠷ ᠠᠵᠢᠯᠯᠠᠳᠠᠭ ᠲᠸᠭ᠍ᠨᠤᠯᠤᠭᠢ ᠶᠢᠨ ᠬᠡᠯᠪᠡᠷᠢ ᠶᠢᠨ ᠳᠤᠮᠳᠠ ᠵᠢᠵᠢᠭ᠌ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠪᠤᠯᠤᠨ ᠶᠡᠬᠡ ᠲᠡᠭᠡᠲᠤ ᠰᠤᠷᠭᠠᠭᠤᠯᠢ ᠶᠢᠨ ᠰᠢᠨ᠎ᠠ ᠶᠢ ᠡᠭᠦᠳᠬᠦ ᠪᠠᠭ ᠴᠦᠮ ᠤᠷᠤᠯᠳᠤᠭᠠᠨ ᠤ ᠠᠯᠪᠠᠨ ᠨᠸᠲ ᠲᠤ ᠨᠡᠷ᠎ᠠ ᠪᠦᠷᠢᠳᠭᠡᠭᠦᠯᠵᠤ ᠪᠤᠯᠤᠨ᠎ᠠ᠃ ( ᠸᠠᠩ ᠯᠸ)

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011100001121703348