蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠰᠢᠯᠤᠭᠤᠨ ᠬᠦᠬᠡ ᠬᠤᠰᠢᠭᠤᠨ ᠤ ᠠᠷᠪᠠᠳᠤᠭᠠᠷ ᠬᠤᠭᠤᠴᠠᠭᠠᠨ ᠤ《ᠶᠤᠸᠠᠨ ᠤ ᠳᠡᠭᠡᠲᠤ ᠨᠡᠶᠢᠰᠯᠡᠯ》 ᠬᠠᠭᠠᠨ ᠤ ᠤᠷᠳᠤᠨ ᠤ ᠴᠠᠭᠠᠨ ᠢᠳᠡᠭᠡᠨ ᠤ ᠰᠤᠶᠤᠯ ᠤᠨ ᠨᠠᠶᠢᠷ ᠤᠳᠠᠬᠤ ᠦᠭᠡᠢ ᠶᠠᠪᠤᠭᠳᠠᠬᠤ ᠪᠡᠷ ᠪᠤᠢ

2017-09-22 17:11

    ᠰᠢᠨᠬᠤᠸᠠ ᠮᠣᠩᠭᠣᠯ ᠨᠸᠲ   ᠬᠦᠬᠡᠬᠤᠲᠠ ᠶᠢᠨ 9 ᠰᠠᠷ᠎᠎ᠠ ᠶᠢᠨ 22 ᠤᠨ ᠡᠳᠦᠷ ᠤᠨ ᠴᠠᠬᠢᠯᠭᠠᠨ ᠮᠡᠳᠡᠭᠡ (ᠬᠡᠤᠬᠡᠨᠰᠤᠯᠢ) ᠦᠪᠦᠷ ᠮᠣᠩᠭᠣᠯ ᠤᠨ ᠰᠢᠯᠤᠭᠤᠨ ᠬᠦᠬᠡ ᠬᠤᠰᠢᠭᠤᠨ ᠤ ᠠᠷᠪᠠᠳᠤᠭᠠᠷ ᠬᠤᠭᠤᠴᠠᠭᠠᠨ ᠤ《ᠶᠤᠸᠠᠨ ᠤ ᠳᠡᠭᠡᠲᠤ ᠨᠡᠶᠢᠰᠯᠡᠯ》 ᠬᠠᠭᠠᠨ ᠤ ᠤᠷᠳᠤᠨ ᠤ ᠴᠠᠭᠠᠨ ᠢᠳᠡᠭᠡᠨ ᠤ ᠰᠤᠶᠤᠯ ᠤᠨ ᠨᠠᠶᠢᠷ 9 ᠰᠠᠷ᠎ᠠ ᠶᠢᠨ 27 ᠡᠴᠡ 29 ᠤ ᠡᠳᠦᠷ ᠪᠤᠯᠲᠠᠯ᠎ᠠ ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠦᠬᠡ ᠬᠤᠰᠢᠭᠤᠨ ᠳᠤ ᠶᠠᠪᠤᠭᠳᠠᠨ᠎ᠠ᠃

    ᠲᠤᠰ ᠤᠳᠠᠭᠠᠨ ᠤ ᠨᠠᠶᠢᠷ ᠲᠤ ᠴᠠᠭᠠᠨ ᠢᠳᠡᠭᠡᠨ ᠤ ᠳᠡᠯᠭᠡᠨ ᠦᠵᠡᠭᠦᠯᠦᠯᠭᠡ᠂ ᠭᠠᠵᠠᠷ ᠳᠡᠭᠡᠷ᠎ᠠ ᠨᠢ ᠴᠠᠭᠠᠨ ᠢᠳᠡᠭᠡ ᠬᠢᠬᠦ ᠤᠷᠤᠯᠳᠤᠭᠠᠨ᠂ ᠭᠠᠵᠠᠷ ᠳᠡᠭᠡᠷ᠎ᠠ ᠨᠢ ᠰᠢᠷᠠᠰᠤ ᠪᠡᠷ ᠤᠮᠳᠠᠭᠠᠨ ᠬᠢᠬᠦ᠂ ᠡᠸᠦ᠋ᠷᠦᠫᠡ ᠮᠠᠶ᠊ᠢᠭ ᠤᠨ ᠵᠦᠭᠡᠭᠡᠢ ᠬᠢᠬᠦ ᠤᠷᠤᠯᠳᠤᠭᠠᠨ᠂ ᠤᠯᠠᠮᠵᠢᠯᠠᠯᠲᠤ ᠪᠤᠯᠤᠨ ᠤᠳᠤᠬᠢ ᠴᠠᠭᠠᠨ ᠢᠳᠡᠭᠡᠨ ᠤ ᠳᠡᠯᠭᠡᠨ ᠦᠵᠡᠭᠦᠯᠦᠯᠭᠡ ᠵᠢᠴᠢ ᠳᠡᠯᠭᠡᠨ ᠪᠤᠷᠤᠯᠠᠭᠤᠯᠭ᠎᠎᠎ᠠ᠂ 128 ᠬᠦᠴᠦᠲᠤ ᠪᠦᠬᠡ ᠶᠢᠨ ᠤᠷᠤᠯᠳᠤᠭᠠᠨ᠂ ᠤᠯᠠᠮᠵᠢᠯᠠᠯᠲᠤ ᠰᠤᠷ ᠬᠠᠷᠪᠤᠯᠲᠠ ᠶᠢᠨ ᠤᠷᠤᠯᠳᠤᠭᠠᠨ ᠪᠤᠯᠤᠨ ᠠᠭᠤᠳᠠᠮ ᠲᠠᠯᠠᠪᠠᠢ ᠶᠢᠨ ᠪᠦᠵᠢᠭ᠌ ᠤᠨ ᠤᠷᠤᠯᠳᠤᠭᠠᠨ ᠵᠡᠷᠭᠡ ᠠᠵᠢᠯᠯᠠᠭ᠎ᠠ ᠵᠤᠬᠢᠶᠠᠨ ᠪᠠᠶᠢᠭᠤᠯᠬᠤ ᠪᠠᠷ ᠪᠤᠢ᠃

    ᠲᠤᠰ ᠤᠳᠠᠭᠠᠨ ᠤ ᠨᠠᠶᠢᠷ ᠨᠢ ᠦᠩᠭᠡᠷᠡᠭᠰᠡᠨ ᠵᠢᠯ ᠤᠳ ᠡᠴᠡ ᠬᠡᠪᠴᠢᠶ᠎ᠠ ᠪᠡᠷ ᠦᠷᠭᠡᠨ᠂ ᠵᠡᠷᠭᠡᠯᠡᠯ ᠢᠶᠡᠷ ᠦᠨᠳᠦᠷ᠂ ᠠᠭᠤᠯᠭ᠎ᠠ ᠪᠡᠷ ᠪᠠᠶᠠᠯᠢᠭ᠂ ᠤᠷᠤᠯᠴᠠᠬᠤ ᠨᠤᠷᠮ᠎ᠠ ᠢᠶᠡᠷ ᠦᠨᠳᠦᠷ᠂ ᠠᠵᠢᠯᠯᠠᠭᠠᠨ ᠤ ᠬᠦᠷᠢᠶ᠎ᠠ ᠴᠠᠷᠠᠭ᠎ᠠ ᠨᠢ ᠤᠤᠯ ᠤᠨ 6 ᠰᠤᠮᠤ ᠶᠢ ᠬᠠᠮᠤᠷᠴᠤ ᠪᠠᠶᠢᠭᠰᠠᠨ ᠢᠶᠡᠨ 9 ᠰᠤᠮᠤ ᠪᠠᠯᠭᠠᠰᠤ (ᠲᠤᠭᠤᠷᠢᠭ) ᠪᠠ ᠤᠶᠢᠷ᠎ᠠ ᠬᠠᠪᠢ ᠶᠢᠨ 4 ᠬᠤᠰᠢᠭᠤ ᠶᠢ ᠬᠠᠮᠤᠷᠬᠤ ᠪᠤᠯᠵᠤ᠂ ᠠᠵᠢᠯᠯᠠᠭ᠎ᠠ ᠳᠤ ᠤᠷᠤᠯᠴᠠᠬᠤ ᠪᠠᠭ 30 ᠪᠠᠶᠢᠭᠰᠠᠨ ᠡᠴᠡ 60 ᠪᠤᠯᠪᠠ᠃ ᠤᠷᠤᠯᠳᠤᠭᠠᠨ ᠨᠢ ᠴᠠᠭᠠᠨ ᠢᠳᠡᠭᠡ ᠬᠢᠬᠦ ᠤᠤᠯ ᠤᠨ ᠤᠯᠠᠮᠵᠢᠯᠠᠯᠲᠤ ᠰᠠᠭᠤᠷᠢᠨ ᠳᠡᠭᠡᠷ᠎ᠠ᠂ ᠪᠦᠲᠦᠭᠡᠭ᠍ᠲᠡᠬᠦᠨ ᠤ ᠨᠡᠮᠡᠯᠲᠠ ᠦᠷᠲᠡᠭ ᠢ ᠳᠡᠭᠡᠭ᠍ᠰᠢᠯᠡᠭᠦᠯᠬᠦ ᠶᠢᠨ ᠲᠦᠯᠦᠭᠡ ᠤᠳᠤᠬᠢ ᠪᠤᠯᠤᠨ ᠡᠸᠦ᠋ᠷᠤᠫᠠ ᠮᠠᠶ᠊ᠢᠭ ᠤᠨ ᠴᠠᠭᠠᠨ ᠢᠳᠡᠭᠡ ᠬᠢᠬᠦ ᠮᠡᠷᠭᠡᠵᠢᠯ ᠢ ᠠᠭᠤᠰᠤᠯᠴᠠᠭᠤᠯᠤᠨ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠲᠦᠯᠦᠭᠡᠯᠡᠭᠴᠢ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠵᠢᠴᠢ ᠠᠷᠠᠳ ᠢᠷᠭᠡᠳ ᠵᠢᠭᠤᠯᠴᠢᠳ  ᠵᠡᠷᠭᠡ 300 ᠭᠠᠷᠤᠢ ᠬᠦᠮᠦᠰ ᠢᠶᠡᠷ ᠪᠦᠲᠦᠭᠡᠭ᠍ᠲᠡᠭᠦᠨ ᠳᠤ ᠦᠨᠡᠯᠡᠯᠲᠡ ᠬᠢᠯᠭᠡᠬᠦ ᠶᠤᠮ ᠪᠠᠶᠢᠨ᠎ᠠ᠃

ᠢᠷᠡᠯᠳᠡ᠄ ᠰᠢᠨᠬᠤᠸᠠ ᠮᠣᠩᠭᠣᠯ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011100001121709620