蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ᠄ ᠵᠢᠭᠤᠯᠴᠢᠯᠠᠯ ᠤᠨ ᠲᠤᠰᠬᠠᠢ ᠱᠤᠭᠤᠮ ᠨᠡᠪᠲᠡᠷᠡᠭᠦᠯᠵᠤ ᠵᠢᠭᠤᠯᠴᠢᠳ ᠲᠤ ᠡᠵᠡᠨ᠎ᠠ ᠶᠢᠨ ᠲᠤᠤᠷᠠᠢ ᠶᠢᠨ ᠤᠢ ᠶᠢᠨ ᠦᠵᠡᠮᠵᠢ ᠶᠢ ᠰᠤᠨᠢᠷᠬᠠᠭᠤᠯᠬᠤ ᠪᠡᠷ ᠪᠤᠢ

2017-09-30 11:29

    ᠰᠢᠨᠬᠤᠸᠠ ᠬᠤᠷᠢᠶ᠎ᠠ   ᠬᠦᠬᠡᠬᠤᠲᠠ ᠶᠢᠨ 9 ᠰᠠᠷ᠎ᠠ ᠶᠢᠨ 29 ᠤ ᠡᠳᠦᠷ ᠤᠨ ᠴᠠᠬᠢᠯᠭᠠᠨ ᠮᠡᠳᠡᠭᠡ( ᠰᠤᠷᠪᠤᠯᠵᠢᠯᠠᠭᠴᠢ ᠯᠢ ᠶᠦᠨ ᠫᠢᠩ) ᠰᠤᠷᠪᠤᠯᠵᠢᠯᠠᠭᠴᠢ 29 ᠤ ᠡᠳᠦᠷ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠵᠢᠭᠤᠯᠴᠢᠯᠠᠯ ᠬᠦᠭ᠍ᠵᠢᠭᠦᠯᠦᠯᠲᠠ ᠶᠢᠨ ᠵᠦᠪᠯᠡᠯ ᠡᠴᠡ ᠤᠶᠢᠯᠠᠭᠠᠭᠰᠠᠨ ᠢᠶᠡᠷ᠂ ᠤᠯᠤᠰ ᠳᠠᠶᠠᠭᠠᠷ ᠲᠤ ᠲᠤᠤᠷᠠᠢ ᠶᠢᠨ ᠤᠢ ᠬᠠᠮᠤᠭ ᠡᠴᠡ ᠲᠦᠪᠯᠡᠷᠡᠭᠰᠡᠨ ᠦᠪᠦᠷ ᠮᠣᠩᠭᠣᠯ ᠤᠨ ᠡᠵᠡᠨ᠎ᠠ ᠬᠤᠰᠢᠭᠤᠨ ᠤ ᠲᠤᠤᠷᠠᠢ ᠶᠢᠨ ᠤᠢ ᠬᠠᠮᠤᠭ ᠤᠨ ᠰᠠᠶᠢᠬᠠᠨ ᠦᠵᠡᠮᠵᠢᠲᠤ ᠤᠯᠠᠷᠢᠯ ᠳᠤ ᠤᠷᠤᠪᠠ᠃ ᠦᠪᠦᠷ ᠮᠣᠩᠭᠣᠯ 9 ᠰᠠᠷ ᠠ ᠶᠢᠨ 30 ᠤ ᠡᠳᠦᠷ ᠡᠴᠡ 10 ᠰᠠᠷ᠎ᠠ ᠶᠢᠨ 16 ᠤ ᠡᠳᠦᠷ ᠪᠤᠯᠲᠠᠯ᠎ᠠ ᠵᠢᠭᠤᠯᠴᠢᠯᠠᠯ ᠤᠨ ᠲᠤᠰᠬᠠᠢ ᠱᠤᠭᠤᠮ ᠨᠡᠪᠲᠡᠷᠡᠭᠦᠯᠵᠤ ᠵᠢᠭᠤᠯᠴᠢᠳ ᠤᠨ ᠲᠤᠤᠷᠠᠢ ᠶᠢᠨ ᠤᠢ ᠶᠢᠨ ᠦᠵᠡᠮᠵᠢ ᠰᠤᠨᠢᠷᠬᠠᠬᠤ ᠶᠢ ᠪᠠᠶᠠᠷᠯᠠᠨ ᠤᠭᠲᠤᠵᠤ ᠪᠠᠶᠢᠨ᠎ᠠ᠃

    ᠡᠵᠡᠨ᠎ᠠ ᠬᠤᠰᠢᠭᠤᠨ ᠳᠤ 44 ᠲᠦᠮᠡᠨ ᠮᠤ ᠲᠠᠯᠠᠪᠠᠢ ᠪᠦᠬᠦᠢ ᠲᠤᠤᠷᠠᠢ ᠶᠢᠨ ᠤᠢ ᠲᠡᠢ᠂ ᠳᠡᠯᠡᠬᠡᠢ ᠲᠡᠭᠡᠷ᠎ᠠ ᠦᠯᠡᠳᠡᠭᠳᠡᠵᠤ ᠪᠠᠶᠢᠭ᠎ᠠ ᠭᠤᠷᠪᠠᠨ ᠬᠡᠰᠡᠭ ᠲᠤᠤᠷᠠᠢ ᠶᠢᠨ ᠤᠢ ᠶᠢᠨ ᠨᠢᠭᠡ ᠪᠤᠯᠤᠨ᠎ᠠ᠃ ᠵᠢᠯ ᠪᠤᠯᠭᠠᠨ ᠤ 9 ᠰᠠᠷ᠎ᠠ ᠡᠴᠡ 10 ᠰᠠᠷ᠎ᠠ ᠪᠤᠯᠲᠠᠯ᠎ᠠ᠂ ᠡᠵᠡᠨ᠎ᠠ ᠬᠤᠰᠢᠭᠤᠨ ᠤ ᠲᠤᠤᠷᠠᠢ ᠶᠢᠨ ᠤᠢ ᠰᠢᠷᠭᠠᠯᠳᠤᠨ ᠨᠠᠯᠤᠶᠢᠵᠤ ᠮᠠᠰᠢ ᠤᠯᠠᠨ ᠵᠢᠷᠤᠭᠯᠠᠭᠠᠴᠢ ᠪᠤᠯᠤᠨ ᠵᠢᠭᠤᠯᠴᠢᠨ ᠢ ᠲᠠᠲᠠᠨ ᠠᠪᠴᠢᠷᠠᠳᠠᠭ᠃

    ᠲᠠᠨᠢᠯᠴᠠᠭᠤᠯᠤᠭᠰᠠᠨ ᠢᠶᠡᠷ᠂ ᠲᠤᠰ ᠤᠳᠠᠭ᠎ᠠ ᠬᠦᠬᠡᠬᠤᠲᠠ- ᠡᠵᠡᠨ᠎ᠠ ᠢᠷᠡᠵᠤ ᠤᠴᠢᠬᠤ K7911/2 ᠨᠤᠮᠸᠷᠲᠤ ᠵᠢᠭᠤᠯᠴᠢᠯᠠᠯ ᠤᠨ ᠲᠤᠰᠬᠠᠢ ᠢ ᠱᠤᠭᠤᠮ ᠨᠠᠪᠲᠠᠷᠠᠭᠦᠯᠵᠤ᠂ ᠨᠡᠶᠢᠲᠡ 9 ᠡᠭᠡᠯᠵᠢ ᠲᠠᠢ᠂ ᠪᠦᠬᠦ ᠤᠷᠲᠤ ᠨᠢ 4 ᠡᠳᠦᠷ ᠠᠶᠠᠯᠠᠨ᠎ᠠ᠃ ᠢᠷᠡᠵᠤ ᠤᠴᠢᠬᠤ ᠵᠠᠮ ᠤᠨ ᠤᠷᠲᠤ ᠨᠢ 2130 ᠺᠢᠯᠦᠮᠸᠲ᠋ᠷ ᠲᠤ ᠬᠦᠷᠴᠤ ᠪᠤᠢ᠃ ᠡᠭᠦᠨ ᠡᠴᠡ ᠭᠠᠳᠠᠨ᠎ᠠ᠂ ᠤᠯᠤᠰ ᠳᠠᠶᠠᠭᠠᠷ ᠤᠨ ᠡᠯ᠎ᠠ ᠪᠦᠰᠡ ᠨᠤᠲᠤᠭ ᠤᠨ ᠲᠡᠮᠤᠷ ᠵᠠᠮ ᠤᠨ ᠰᠠᠯᠠᠭ᠎ᠠ ᠮᠦᠴᠢᠷ ᠡᠵᠡᠨ᠎ᠠ ᠬᠤᠰᠢᠭᠤ ᠬᠦᠷᠬᠦ 25 ᠵᠢᠭᠤᠯᠴᠢᠯᠠᠯ ᠤᠨ ᠭᠠᠯᠲᠤ ᠲᠡᠷᠭᠡ ᠲᠤᠬᠢᠷᠠᠭᠤᠯᠵᠡᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121751601