蒙古文网站Logo
ᠰᠢᠨᠬᠤᠸᠠ ᠮᠤᠩᠭ᠋ᠤᠯ ᠨᠧᠲ

ᠤᠯᠤᠰ ᠤᠨ ᠪᠠᠶᠠᠷ ᠲᠡᠷᠭᠡᠯ ᠰᠠᠷᠠᠨ ᠤ ᠪᠠᠶᠠᠷ ᠤᠨ ᠬᠤᠭᠤᠴᠠᠭᠠᠨ ᠳᠤ ᠦᠪᠦᠷ ᠮᠣᠩᠭᠣᠯ ᠳᠤ ᠬᠤᠷ᠎ᠠ ᠲᠤᠨᠳᠠᠰᠤ ᠪᠠᠭᠤᠵᠤ ᠶᠡᠬᠡ ᠰᠠᠯᠬᠢ ᠰᠠᠯᠬᠢᠯᠠᠨ ᠠᠭᠠᠷ ᠤᠨ ᠳᠤᠯᠠᠭᠠᠨ ᠪᠠᠭᠤᠷᠠᠨ᠎ᠠ

2017-10-02 12:10

    ᠤᠯᠤᠰ ᠤᠨ ᠪᠠᠶᠠᠷ ᠲᠡᠷᠭᠡᠯ ᠰᠠᠷᠠᠨ ᠤ ᠪᠠᠶᠠᠷ ᠤᠨ ᠬᠤᠭᠤᠴᠠᠭᠠᠨ ᠳᠤ᠂ ᠤᠷᠢᠳ ᠬᠤᠵᠢᠳ ᠬᠤᠶᠠᠷ ᠤᠳᠠᠭᠠᠨ ᠤ ᠬᠦᠢᠲᠡᠨ ᠤᠷᠤᠰᠬᠠᠯ ᠤᠨ ᠠᠵᠢᠯᠯᠠᠭ᠎ᠠ ᠦᠪᠦᠷ ᠮᠣᠩᠭᠣᠯ ᠤᠨ ᠪᠠᠷᠠᠭᠤᠨ ᠬᠡᠰᠡᠭ ᠤᠨ ᠡᠮᠦᠨᠡᠭᠦᠷᠬᠢ ᠪᠦᠰᠡ ᠨᠤᠲᠤᠭ᠂ ᠳᠤᠮᠳᠠ ᠬᠡᠰᠡᠭ᠂ ᠵᠡᠭᠦᠨ ᠪᠦᠰᠡ ᠨᠤᠲᠤᠭ ᠢ ᠨᠦᠯᠦᠭᠡᠯᠡᠬᠦ ᠶᠢᠨ ᠳᠠᠭᠠᠤ ᠬᠤᠷ᠎ᠠ ᠲᠤᠨᠳᠠᠰᠤ ᠪᠠᠭᠤᠵᠤ᠂ ᠶᠡᠬᠡ ᠰᠠᠯᠬᠢ ᠰᠠᠯᠬᠢᠯᠡᠨ᠂ ᠠᠭᠠᠷ ᠤᠨ ᠳᠤᠯᠠᠭᠠᠨ ᠪᠠᠭᠤᠷᠠᠨ᠎ᠠ᠃

    10 ᠰᠠᠷ᠎ᠠ ᠶᠢᠨ 1 ᠡᠴᠡ 2 ᠤᠨ ᠡᠳᠦᠷ ᠪᠤᠯᠲᠠᠯ᠎ᠠ᠂ ᠦᠪᠦᠷ ᠮᠣᠩᠭᠣᠯ ᠤᠨ ᠪᠠᠷᠠᠭᠤᠨ ᠬᠡᠰᠡᠭ ᠤᠨ ᠡᠮᠦᠨᠡᠭᠦᠷᠬᠢ ᠪᠦᠰᠡ ᠨᠤᠲᠤᠭ᠂ ᠳᠤᠮᠳᠠ ᠬᠡᠰᠡᠭ᠂ ᠵᠡᠭᠦᠨ ᠪᠦᠰᠡ ᠨᠤᠲᠤᠭ ᠲᠤ ᠲᠠᠷᠬᠠᠯᠲᠠ ᠪᠡᠷ ᠠᠳᠠᠯᠢ ᠪᠤᠰᠤ ᠪᠤᠷᠤᠭᠠᠨ ᠴᠠᠰᠤᠲᠤ ᠴᠠᠭ ᠠᠭᠠᠷ ᠢᠯᠡᠷᠡᠨ᠎ᠠ᠃ 2 ᠡᠴᠡ 4 ᠤ ᠡᠳᠦᠷ ᠪᠤᠯᠲᠠᠯ᠎ᠠ᠂ ᠠᠯᠠᠱᠠ ᠠᠶᠢᠮᠠᠭ ᠤᠨ ᠵᠡᠭᠦᠨ ᠪᠦᠰᠡ ᠨᠤᠲᠤᠭ ᠵᠢᠴᠢ ᠵᠡᠭᠦᠨ ᠪᠦᠰᠡ ᠨᠤᠲᠤᠭ ᠤᠨ ᠠᠭᠠᠷ ᠤᠨ ᠳᠤᠯᠠᠭᠠᠨ 6- 8 ᠭᠷᠠᠳ᠋ᠦ᠋ᠰ ᠪᠠᠭᠤᠷᠠᠵᠤ᠂ ᠵᠡᠭᠦᠨ ᠬᠡᠰᠡᠭ ᠤᠨ ᠬᠤᠶᠢᠭᠤᠷᠭᠢ ᠪᠦᠰᠡ ᠨᠤᠲᠤᠭ ᠤᠨ ᠠᠭᠠᠷ ᠤᠨ ᠳᠤᠯᠠᠭᠠᠨ 10 ᠭᠠᠷᠤᠢ ᠭᠷᠠᠳ᠋ᠦ᠋ᠰ ᠪᠠᠭᠤᠷᠠᠬᠤ ᠶᠤᠮ ᠪᠠᠶᠢᠨ᠎ᠠ᠃ 5 ᠡᠴᠡ 7 ᠤ ᠡᠳᠦᠷ ᠪᠤᠯᠲᠠᠯ᠎ᠠ᠂ ᠤᠷᠳᠤᠰ ᠬᠤᠲᠠ ᠶᠢᠨ ᠵᠡᠭᠦᠨ ᠬᠡᠰᠡᠭ ᠵᠢᠴᠢ ᠵᠡᠭᠦᠨ ᠪᠦᠰᠡ ᠨᠤᠲᠤᠭ ᠢᠶᠡᠷ ᠪᠠᠭ᠎ᠠ ᠪᠤᠷᠤᠭᠠᠨ ᠤᠷᠤᠬᠤ ᠪᠤᠶᠤ ᠪᠤᠷᠤᠭᠠᠨ ᠴᠠᠰᠤ ᠬᠤᠯᠢᠯᠳᠤᠵᠤ ᠤᠷᠤᠨ᠎ᠠ᠃ 6 ᠡᠴᠡ 8 ᠤ ᠡᠳᠦᠷ ᠪᠤᠯᠲᠠᠯ᠎ᠠ᠂ ᠤᠷᠤᠨ ᠳᠠᠶᠠᠭᠠᠷ ᠤᠨ ᠶᠡᠬᠡᠩᠭᠢ ᠪᠦᠰᠡ ᠨᠤᠲᠤᠭ ᠤᠨ ᠠᠭᠠᠷ ᠤᠨ ᠳᠤᠯᠠᠭᠠᠨ 6-8 ᠭᠷᠠᠳ᠋ᠦ᠋ᠰ ᠪᠠᠭᠤᠷᠠᠵᠤ᠂ ᠬᠡᠰᠡᠭ ᠪᠦᠰᠡ ᠨᠤᠲᠤᠭ ᠤᠨ ᠠᠭᠠᠷ ᠤᠨ ᠳᠤᠯᠠᠭᠠᠨ8-10 ᠭᠷᠠᠳ᠋ᠦ᠋ᠰ ᠪᠠᠭᠤᠷᠠᠨ᠎ᠠ᠃ ᠴᠠᠭ ᠠᠭᠠᠷ ᠤᠨ ᠨᠦᠯᠦᠭᠡ ᠡᠴᠡ ᠪᠤᠯᠵᠤ᠂ ᠳᠡᠭᠡᠷᠡᠬᠢ ᠪᠦᠰᠡ ᠨᠤᠲᠤᠭ ᠤᠨ ᠵᠠᠰᠠᠮᠠᠯ ᠵᠠᠮ ᠤᠨ ᠭᠠᠳᠠᠷᠭᠤ ᠨᠤᠷᠵᠤ ᠭᠤᠯᠭᠤᠭ᠎ᠠ ᠶᠡᠬᠡᠲᠠᠢ ᠪᠤᠯᠬᠤ ᠪᠤᠶᠤ ᠵᠠᠷᠢᠮ ᠵᠠᠮ ᠤᠨ ᠬᠡᠰᠡᠭ ᠲᠤ ᠬᠦᠯᠳᠡᠬᠦ ᠦᠵᠡᠭᠳᠡᠯ ᠢᠯᠡᠷᠡᠵᠤ ᠮᠡᠳᠡᠨ᠎ᠠ᠂ ᠴᠠᠭ ᠠᠭᠤᠷ ᠤᠨ ᠲᠤᠪᠴᠢᠶ᠎ᠠ ᠡᠴᠡ ᠭᠠᠳᠠᠭᠰᠠᠢ ᠵᠠᠮᠨᠠᠬᠤ ᠮᠠᠰᠢᠨ ᠲᠡᠷᠭᠡ ᠭᠤᠯᠭᠤᠬᠤ ᠡᠴᠡ ᠰᠡᠷᠭᠡᠶᠢᠯᠡᠬᠦ ᠠᠷᠭ᠎ᠠ ᠬᠡᠮᠵᠢᠶ᠎ᠠ ᠠᠪᠬᠤ ᠶᠢ ᠰᠠᠨᠠᠭᠤᠯᠵᠤ ᠪᠠᠶᠢᠨ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121757905