蒙古文网站Logo
ᠰᠢᠨᠬᠤᠸᠠ ᠮᠤᠩᠭ᠋ᠤᠯ ᠨᠧᠲ

ᠶᠡᠬᠡ ᠳᠤᠮᠳᠠ ᠬᠤᠲᠠ ᠶᠢᠨ ᠲᠡᠭᠦᠰᠦᠭᠰᠡᠨ ᠤᠶᠤᠲᠠᠨ ᠡᠯᠰᠡᠬᠦ ᠨᠠᠮᠤᠷ ᠤᠨ ᠤᠯᠠᠷᠢᠯ ᠤᠨ ᠬᠠᠮᠲᠤᠷᠠᠭᠰᠠᠨ ᠲᠤᠰᠬᠠᠢ ᠠᠵᠢᠯᠯᠠᠭ᠎ᠠ ᠤᠳᠠᠬᠤ ᠦᠭᠡᠢ ᠡᠬᠢᠯᠡᠬᠦ ᠪᠡᠷ ᠪᠤᠢ

2017-10-09 17:05

    ᠰᠢᠨᠬᠤᠸᠠ ᠬᠤᠷᠢᠶ᠎ᠠ   ᠪᠡᠭᠡᠵᠢᠩ ᠤᠨ 10 ᠰᠠᠷ᠎ᠠ ᠶᠢᠨ 8 ᠤ ᠡᠳᠦᠷ ᠤᠨ ᠴᠠᠬᠢᠯᠭᠠᠨ ᠮᠡᠳᠡᠭᠡ(ᠰᠤᠷᠪᠤᠯᠵᠢᠯᠠᠭᠴᠢ ᠶᠸ ᠬᠤ ᠮᠢᠩ) ᠰᠤᠷᠪᠤᠯᠵᠢᠯᠠᠭᠴᠢ 8 ᠤ ᠡᠳᠦᠷ ᠬᠦᠮᠦᠨ ᠤ ᠨᠦᠬᠡᠴᠡ ᠨᠡᠶᠢᠭᠡᠮ ᠤᠨ ᠪᠠᠲᠤᠯᠠᠭ᠎ᠠ ᠶᠢᠨ ᠶᠠᠮᠤᠨ ᠡᠴᠡ ᠤᠶᠢᠯᠠᠭᠠᠭᠰᠠᠨ ᠢᠶᠡᠷ᠂ ᠬᠦᠮᠦᠨ ᠤ ᠨᠦᠬᠡᠴᠡ ᠨᠡᠶᠢᠭᠡᠮ ᠤᠨ ᠪᠠᠲᠤᠯᠠᠭ᠎ᠠ ᠶᠢᠨ ᠶᠠᠮᠤᠨ ᠡᠴᠡ 10 ᠰᠠᠷ᠎ᠠ ᠶᠢᠨ 9 ᠡᠴᠡ 11 ᠰᠠᠷ᠎ᠠ ᠶᠢᠨ 25 ᠤ ᠡᠳᠦᠷ ᠪᠤᠯᠲᠠᠯ᠎ᠠ《ᠲᠠᠪᠤᠳᠤᠭᠠᠷ ᠬᠤᠭᠤᠴᠠᠭᠠᠨ ᠤ ᠶᠡᠬᠡ ᠳᠤᠮᠳᠠ ᠬᠤᠲᠠ ᠶᠢᠨ ᠲᠡᠭᠦᠰᠦᠭᠰᠡᠨ ᠤᠶᠤᠲᠠᠨ ᠡᠯᠰᠡᠬᠦ ᠨᠠᠮᠤᠷ ᠤᠨ ᠤᠯᠠᠷᠢᠯ ᠤᠨ ᠬᠠᠮᠲᠤᠷᠠᠭᠰᠠᠨ ᠲᠤᠰᠬᠠᠢ ᠠᠵᠢᠯᠯᠠᠭ᠎ᠠ》 ᠦᠷᠨᠢᠬᠦᠯᠵᠦ᠂ ᠤᠯᠤᠰ ᠳᠠᠶᠠᠭᠠᠷ ᠤᠨ 32 ᠮᠤᠵᠢ ᠤᠷᠤᠨ ᠬᠤᠲᠠ᠂ 200 ᠭᠠᠷᠤᠢ ᠶᠡᠬᠡ ᠳᠤᠮᠲᠠ ᠬᠤᠲᠠ ᠶᠢᠨ ᠨᠡᠶᠢᠲᠡ ᠶᠢᠨ ᠠᠵᠢᠯ ᠤᠯᠭᠤᠯᠲᠠ ᠶᠢᠨ ᠴᠢᠳᠠᠪᠤᠷᠢᠲᠠᠨ ᠦᠢᠯᠡᠴᠢᠯᠡᠭᠡᠨ ᠤ ᠪᠠᠶᠢᠭᠤᠯᠤᠮᠵᠢ ᠶᠢ ᠨᠢᠭᠡᠳᠭᠡᠬᠦ ᠪᠡᠷ ᠳᠠᠮᠵᠢᠨ ᠰᠤᠷᠠᠭ ᠵᠠᠩᠭᠢ ᠪᠤᠯᠤᠨ ᠦᠢᠯᠡᠴᠢᠯᠭᠡᠨ ᠤ ᠡᠬᠢ ᠪᠠᠶᠠᠯᠢᠭ ᠢ ᠬᠤᠪᠢᠶᠠᠯᠴᠠᠬᠤ ᠪᠡᠷ ᠪᠤᠢ᠃

    ᠬᠦᠮᠦᠨ ᠤ ᠨᠦᠬᠡᠴᠡ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠡᠷ᠂ ᠲᠤᠰ ᠤᠳᠠᠭᠠᠨ ᠤ ᠠᠵᠢᠯᠯᠠᠭ᠎ᠠ ᠭᠤᠤᠯᠳᠠᠭᠤ 4 ᠲᠦᠷᠦᠯ ᠤᠨ ᠠᠭᠤᠯᠭ᠎ᠠ ᠲᠠᠢ᠃ ᠨᠢᠭᠡ ᠳᠤ᠂ ᠪᠦᠲᠦᠨ ᠵᠢᠯ ᠤᠨ ᠬᠡᠪᠰᠢᠵᠢᠭᠰᠡᠨ ᠨᠸᠲ ᠤᠨ ᠡᠯᠰᠡᠯᠲᠠ ᠶᠢᠨ ᠶᠡᠬᠡ ᠬᠤᠷᠠᠯ ᠵᠤᠬᠢᠶᠠᠨ ᠪᠠᠶᠢᠭᠤᠯᠬᠤ᠃ ᠭᠤᠤᠯᠳᠠᠭᠤ ᠳᠤᠮᠳᠠᠳᠤ ᠤᠯᠤᠰ ᠤᠨ ᠴᠢᠳᠠᠪᠤᠷᠢᠲᠠᠨ ᠤ ᠨᠧᠲ ᠢᠶᠡᠷ ᠬᠤᠷᠠᠯ ᠳᠤ ᠤᠷᠤᠯᠴᠠᠬᠤ ᠡᠯ᠎ᠠ ᠮᠤᠵᠢ ᠤᠷᠤᠨ ᠬᠤᠲᠠ ᠶᠢᠨ ᠲᠡᠭᠦᠰᠦᠭᠰᠡᠨ ᠤᠶᠤᠲᠠᠨ ᠡᠯᠰᠡᠬᠦ ᠠᠵᠢᠯ ᠤᠨ ᠪᠠᠶᠢᠷᠢᠨ ᠤ ᠰᠤᠷᠠᠭ ᠵᠠᠩᠭᠢ ᠶᠢ ᠨᠠᠶᠢᠲᠡᠯᠡᠨ᠎ᠠ᠃ ᠬᠤᠶᠠᠷ ᠲᠤ᠂ᠵᠠᠷᠢᠮ ᠶᠡᠬᠡ ᠲᠡᠭᠡᠲᠤ ᠰᠤᠷᠭᠠᠭᠤᠯᠢ ᠲᠦᠪᠯᠡᠷᠡᠭᠰᠡᠨ ᠪᠠ ᠲᠡᠭᠦᠰᠬᠦ ᠤᠶᠤᠲᠠᠳ ᠤᠨ ᠲᠤᠭ᠎ᠠ ᠤᠯᠠᠨ᠂ ᠪᠦᠰᠡ ᠠᠯᠭᠠᠰᠠᠨ ᠠᠵᠢᠯ ᠤᠯᠬᠤ ᠱᠠᠭᠠᠷᠳᠠᠯᠭ᠎ᠠ ᠶᠡᠬᠡ ᠬᠤᠲᠠ ᠳᠤ ᠲᠤᠭᠤᠷᠢᠨ ᠡᠯᠰᠡᠯᠲᠠ ᠶᠢᠨ ᠴᠡᠭ ᠲᠤᠬᠢᠷᠠᠭᠤᠯᠵᠤ 29 ᠶᠡᠷᠦᠩᠬᠡᠶᠢᠯᠡᠭᠰᠡᠨ ᠠᠵᠢᠯ ᠮᠡᠷᠭᠡᠵᠢᠯ ᠤᠨ ᠪᠦᠰᠡ ᠠᠯᠭᠠᠰᠠᠭᠰᠠᠨ ᠡᠯᠰᠡᠯᠲᠠ ᠶᠢᠨ ᠠᠵᠢᠯᠯᠠᠭ᠎ᠠ ᠵᠤᠬᠢᠶᠠᠨ ᠪᠠᠶᠢᠭᠤᠯᠬᠤ᠃ ᠭᠤᠷᠪᠠ ᠳᠤ᠂ ᠬᠤᠷᠠᠯ ᠳᠤ ᠤᠷᠤᠯᠴᠠᠬᠤ ᠮᠤᠵᠢ ᠤᠷᠤᠨ ᠬᠤᠲᠠ ᠲᠤᠬᠠᠢ ᠶᠢᠨ ᠪᠦᠰᠡ ᠨᠤᠲᠤᠭ ᠲᠤ ᠪᠡᠨ ᠲᠡᠭᠦᠰᠦᠭᠰᠡᠨ ᠤᠶᠤᠲᠠᠳ ᠲᠤ ᠵᠤᠷᠢᠭᠤᠯᠤᠭᠰᠠᠨ ᠡᠯᠰᠡᠯᠲᠠ ᠶᠢᠨ ᠠᠵᠢᠯᠯᠠᠭ᠎ᠠ ᠵᠤᠬᠢᠶᠠᠨ ᠪᠠᠶᠢᠭᠤᠯᠬᠤ᠃ ᠲᠦᠷᠪᠡ ᠳᠤ᠂ ᠤᠯᠠᠨ ᠶᠠᠩᠵᠤ ᠬᠡᠯᠪᠡᠷᠢ ᠶᠢᠨ ᠲᠦᠷᠦ ᠶᠢᠨ ᠪᠤᠳᠤᠯᠭ᠎ᠠ ᠶᠢ ᠤᠬᠠᠭᠤᠯᠬᠤ ᠪᠤᠯᠤᠨ ᠠᠵᠢᠯ ᠤᠯᠭᠤᠯᠲᠠ ᠰᠢᠨ᠎ᠠ ᠶᠢ ᠡᠭᠦᠳᠬᠦ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠬᠦ᠃

    ᠨᠸᠲ ᠤᠨ ᠡᠯᠰᠡᠯᠲᠡ ᠶᠢᠨ ᠬᠤᠷᠠᠯ ᠤᠨ ᠠᠵᠢᠯ ᠤᠨ ᠪᠠᠶᠢᠷᠢ ᠳᠤ ᠰᠤᠷᠠᠭ ᠵᠠᠩᠭᠢ ᠵᠢᠴᠢ ᠦᠢᠯᠡᠰ ᠪᠤᠰᠬᠠᠬᠤ᠂ ᠢᠨᠲ᠋ᠸᠷᠨ᠋ᠸᠲ᠂ ᠵᠤᠬᠢᠶᠠᠮᠠᠯ ᠤᠬᠠᠭᠠᠯᠢᠭ᠂ ᠨᠸᠲ ᠤᠨ ᠲᠤᠭᠯᠠᠭᠠᠮ᠂ ᠺᠤᠮᠫᠢᠦ᠋ᠲ᠋ᠸᠷ᠂ ᠵᠠᠭᠤᠴᠢᠯᠠᠭᠤᠷ ᠵᠡᠷᠭᠡ ᠤᠯᠠᠨ ᠠᠵᠢᠯ ᠮᠡᠷᠭᠡᠵᠢᠯ ᠢ ᠬᠠᠮᠤᠷᠤᠨ᠎ᠠ᠃ ᠬᠤᠷᠠᠯ ᠳᠤ ᠤᠷᠤᠯᠴᠠᠬᠤ ᠡᠯ᠎ᠠ ᠮᠤᠵᠢ ᠤᠷᠤᠨ ᠬᠤᠲᠠ 600 ᠲᠠᠯᠠᠪᠠᠢ ᠡᠴᠡ ᠪᠠᠭ᠎ᠠ ᠪᠤᠰᠤ ᠡᠯᠰᠡᠯᠲᠠ ᠶᠢᠨ ᠠᠵᠢᠯᠯᠠᠭ᠎ᠠ ᠵᠤᠬᠢᠶᠠᠨ ᠪᠠᠶᠢᠭᠤᠯᠬᠤ ᠬᠡᠷᠡᠭᠲᠠᠢ᠃

    ᠠᠵᠢᠯᠯᠠᠭᠠᠨ ᠤ ᠬᠤᠭᠤᠴᠠᠭᠠᠨ ᠳᠤ ᠲᠡᠭᠦᠰᠦᠭᠰᠡᠨ ᠤᠶᠤᠲᠠᠳ ᠤᠨ ᠪᠦᠰᠡ ᠠᠯᠭᠠᠰᠠᠨ ᠠᠵᠢᠯ ᠤᠯᠬᠤ ᠪᠤᠯᠤᠨ ᠠᠵᠢᠯᠲᠠᠨ ᠡᠯᠰᠡᠬᠦ ᠪᠠᠶᠢᠭᠤᠯᠤᠯᠭ᠎ᠠ ᠶᠢᠨ ᠪᠦᠰᠡ ᠠᠯᠭᠠᠰᠠᠨ ᠴᠢᠳᠠᠪᠤᠷᠢᠲᠠᠨ ᠡᠯᠰᠡᠬᠦ ᠱᠠᠭᠠᠷᠳᠠᠯᠭ᠎ᠠ ᠶᠢ ᠬᠠᠩᠭ᠋ᠠᠬᠤ ᠶᠢᠨ ᠲᠦᠯᠦᠭᠡ ᠴᠠᠩᠱᠠ᠂ ᠴᠦᠩᠴᠢᠩ᠂ ᠨᠠᠨᠵᠢᠩ᠂ ᠾᠸᠹᠸᠢ᠂ ᠵᠢᠶᠤᠤ ᠽᠦᠸᠸ ᠵᠡᠷᠭᠡ 12 ᠴᠡᠭ ᠲᠤ 16 ᠲᠠᠯᠠᠪᠠᠢ ᠶᠡᠷᠦᠩᠬᠡᠶᠢᠯᠡᠭᠰᠡᠨ ᠠᠵᠢᠯ ᠮᠡᠷᠭᠡᠵᠢᠯ ᠤᠨ ᠴᠢᠨᠠᠷᠲᠠᠢ ᠪᠦᠰᠡ ᠠᠯᠭᠠᠰᠠᠭᠰᠠᠨ ᠲᠤᠭᠤᠷᠢᠨ ᠡᠯᠰᠡᠯᠲᠠ ᠶᠢᠨ ᠠᠵᠢᠯᠯᠠᠭ᠎ᠠ ᠵᠤᠬᠢᠶᠠᠨ ᠪᠠᠶᠢᠭᠤᠯᠬᠤ ᠪᠡᠷ ᠪᠤᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121775654