蒙古文网站Logo
ᠰᠢᠨᠬᠤᠸᠠ ᠮᠤᠩᠭ᠋ᠤᠯ ᠨᠧᠲ

ᠵᠸᠩᠵᠸᠤ ᠭᠠᠯᠳᠦ ᠲᠡᠷᠭᠡᠨ ᠦᠷᠲᠡᠭᠡᠨ ᠤ ᠪᠠᠷᠢᠯᠭ᠎ᠠ ᠡᠬᠢᠯᠡᠪᠡᠯ 1200 ᠭᠠᠷᠤᠢ ᠭᠠᠯᠲᠤ ᠲᠡᠷᠭᠡᠨ ᠤ ᠠᠶᠠᠯᠠᠯ ᠨᠦᠯᠦᠭᠡᠯᠡᠭᠳᠡᠨ᠎ᠠ

2017-10-10 11:12

    ᠰᠤᠷᠪᠤᠯᠵᠢᠯᠠᠭᠴᠢ ᠦᠴᠦᠭᠡᠳᠦᠷ ᠵᠸᠩᠵᠸᠤ ᠶᠢᠨ ᠲᠡᠷᠭᠡᠨ ᠤ ᠶᠠᠪᠤᠳᠠᠯ ᠤᠨ ᠭᠠᠵᠠᠷ ᠡᠴᠡ ᠤᠶᠢᠯᠠᠭᠠᠭᠰᠠᠨ ᠢᠶᠡᠷ᠂ ᠵᠸᠩᠵᠸᠤ ᠭᠠᠯ ᠲᠡᠷᠭᠡᠨ ᠦᠷᠲᠡᠭᠡ 10 ᠰᠠᠷ᠎ᠠ ᠶᠢᠨ 10 ᠡᠴᠡ 11ᠰᠠᠷ᠎ᠠ ᠶᠢᠨ 7 ᠤ ᠡᠳᠦᠷ ᠪᠤᠯᠲᠠᠯ᠎ᠠ ᠵᠠᠮ ᠤᠨ ᠪᠠᠯᠴᠢᠷ ᠢ ᠶᠠᠡᠭᠵᠤᠯᠠᠨ᠎ᠠ᠂ ᠢᠩᠭᠢᠪᠡᠯ 1200 ᠭᠠᠷᠤᠢ ᠭᠠᠯᠲᠤ ᠲᠡᠷᠭᠡᠨ ᠤ ᠠᠶᠠᠯᠠᠯ ᠢ ᠨᠦᠯᠦᠭᠡᠯᠡᠨ᠎ᠠ᠃

    ᠠᠩᠬᠠᠷᠤᠭᠤᠯᠬᠤ ᠨᠢ᠂ ᠲᠤᠰ ᠤᠳᠠᠭᠠᠨ ᠤ ᠲᠤᠬᠢᠷᠠᠭᠤᠯᠤᠯᠲᠠ ᠶᠢᠨ ᠳᠠᠷᠠᠭ᠎ᠠ 5.5 ᠬᠤᠤᠰ ᠵᠸᠩᠵᠸᠤ ᠬᠤᠲᠠ ᠶᠢᠨ ᠭᠠᠯᠲᠤ ᠲᠡᠷᠭᠡ ᠶᠢ ᠦᠯᠡᠳᠡᠭᠡᠵᠤ᠂ C2922 ᠨᠤᠮᠸᠷᠲᠤ ᠭᠠᠯᠲᠤ ᠲᠡᠷᠭᠡ ᠮᠦᠨ ᠵᠸᠩᠵᠸᠤ ᠭᠠᠯ ᠲᠡᠷᠭᠡᠨ ᠦᠷᠲᠡᠭᠡᠨ ᠡᠴᠡ ᠮᠤᠷᠳᠡᠬᠤ ᠡᠴᠡ ᠭᠠᠳᠠᠨ᠎ᠠ ᠪᠤᠰᠤᠳ ᠭᠠᠯᠲᠤ ᠲᠡᠷᠭᠡᠨ ᠤ ᠮᠤᠷᠳᠠᠬᠤ ᠦᠷᠳᠡᠭᠡ ᠶᠢ ᠴᠦᠮ ᠨᠠᠨ ᠶᠠᠩ ᠵᠠᠢ ᠦᠷᠳᠡᠭᠡᠨ ᠳᠤ ᠰᠢᠯᠵᠢᠭᠦᠯᠪᠡ᠃

    ᠲᠠᠨᠢᠯᠴᠠᠭᠤᠯᠤᠭᠰᠠᠨ ᠢᠶᠡᠷ᠂ 10 ᠰᠠᠷ᠎ᠠ ᠶᠢᠨ 10 ᠤ ᠡᠳᠦᠷ ᠡᠴᠡ 11 ᠰᠠᠷ᠎᠎ᠠ ᠶᠢᠨ 11 ᠤ ᠡᠳᠦᠷ ᠪᠤᠯᠲᠠᠯ᠎ᠠ ᠵᠸᠩᠵᠸᠤ ᠭᠠᠯ ᠲᠡᠷᠭᠡᠨ ᠦᠷᠲᠡᠭᠡᠨ ᠤ ᠡᠮᠦᠨᠡᠲᠤ ᠤᠮᠠᠷᠠᠲᠤ ᠬᠤᠶᠠᠷ ᠦᠵᠦᠭᠦᠷ ᠤᠨ ᠬᠠᠮᠤᠭ ᠤᠨ ᠡᠴᠤᠰ ᠤᠨ 73 ᠬᠡᠰᠡᠭ ᠠᠦ᠋ᠲ᠋ᠤᠪᠦ᠋ᠰ ᠤᠨ ᠮᠤᠲᠤᠨ ᠵᠠᠮ ᠢ ᠪᠸᠲ᠋ᠤᠨ ᠵᠠᠮ ᠪᠤᠯᠭᠠᠨ ᠰᠤᠯᠢᠬᠤ ᠪᠡᠷ ᠪᠤᠢ᠃ ᠤᠷᠢᠳᠴᠢᠯᠠᠨ ᠲᠤᠭᠠᠴᠠᠭᠠᠯᠠᠭᠰᠠᠨ ᠢᠶᠡᠷ 1200 ᠭᠠᠷᠤᠢ ᠭᠠᠯᠲᠤ ᠲᠡᠷᠭᠡᠨ ᠤ ᠠᠶᠠᠯᠠᠯ ᠨᠦᠯᠦᠭᠡᠯᠡᠭᠳᠡᠨ᠎ᠠ᠃ ᠡᠭᠦᠨ ᠳᠤ᠂ ᠵᠸᠩᠵᠸᠤ ᠡᠴᠡ ᠪᠡᠭᠡᠵᠢᠩ᠂ ᠴᠦᠩᠴᠢᠩ᠂ ᠴᠸᠩᠳᠦ᠋᠂ ᠳ᠋ᠠᠯᠢᠶᠠᠨ᠂ ᠭᠤᠸᠠᠩᠵᠸᠤ᠂ ᠰᠢ ᠠᠨ᠂ ᠨᠠᠨᠨᠢᠩ᠂ ᠮᠦᠭ᠍ᠳᠡᠨ᠂ ᠴᠠᠩᠴᠦ᠋ᠨ᠂ ᠬᠠᠷᠪᠢᠨ᠂ ᠶᠠᠨ ᠲᠠᠢ ᠬᠦᠷᠬᠦ ᠴᠢᠭᠯᠡᠯ ᠤᠨ ᠬᠤᠷᠳᠤᠨ ᠤ ᠭᠠᠯᠲᠤ ᠲᠡᠷᠭᠡ ᠪᠤᠯᠤᠨ ᠡᠩ ᠤᠨ ᠬᠤᠷᠳᠤᠴᠠ ᠲᠠᠢ ᠭᠠᠯᠲᠤ ᠲᠡᠷᠭᠡ ᠵᠢᠴᠢ ᠮᠤᠵᠢ ᠶᠢᠨ ᠲᠤᠳᠤᠭᠠᠲᠤᠬᠢ ᠵᠸᠩᠵᠸᠤ᠂ ᠱᠠᠩ ᠴᠢᠦ᠂ ᠰᠢᠨ ᠰᠢᠶᠠᠩ᠂ ᠠᠨ ᠶᠠᠩ ᠬᠦᠷᠬᠦ ᠴᠢᠭᠯᠡᠯ ᠤᠨ ᠡᠩ ᠤᠨ ᠬᠤᠷᠳᠤᠴᠠ ᠲᠠᠢ ᠭᠠᠯᠲᠤ ᠲᠡᠷᠭᠡ ᠬᠢᠭᠡᠳ ᠵᠸᠩᠵᠸᠤ-ᠵᠢᠶᠤᠤ ᠽᠦᠸᠸ ᠴᠢᠭᠯᠡᠯ ᠤᠨ ᠭᠠᠯᠲᠤ ᠲᠡᠷᠭᠡ ᠠᠶᠠᠯᠠᠯ ᠵᠤᠭᠰᠤᠬᠤ ᠶᠤᠮ ᠪᠠᠶᠢᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121779646