蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ  20 ᠤ ᠡᠳᠦᠷ ᠳᠠᠬᠢᠨᠲᠠ ᠬᠦᠢᠲᠡᠨ ᠤᠷᠤᠰᠬᠠᠯ ᠳ᠋ᠤ ᠨᠦᠯᠦᠭᠡᠯᠡᠭᠳᠡᠨ᠎ᠠ

2017-10-19 15:59

    ᠦᠪᠦᠷ ᠮᠣᠩᠭᠣᠯ ᠤᠨ ᠴᠠᠭ ᠠᠭᠤᠷ ᠤᠨ ᠲᠤᠪᠴᠢᠶ᠎ᠠ ᠦᠴᠦᠭᠡᠳᠦᠷ ᠮᠡᠳᠡᠭᠡ ᠨᠡᠶᠢᠲᠡᠯᠡᠵᠤ᠂ 19 ᠤ ᠡᠳᠦᠷ ᠦᠪᠦᠷ ᠮᠣᠩᠭᠣᠯ ᠤᠨ ᠳᠤᠮᠳᠠ ᠵᠡᠭᠦᠨ ᠬᠡᠰᠡᠭ ᠤᠨ ᠵᠠᠷᠢᠮ ᠪᠦᠰᠡ ᠨᠤᠲᠤᠭ ᠢᠶᠡᠷ ᠪᠠᠭ᠎ᠠ ᠪᠤᠷᠤᠭᠠᠨ ᠲᠠᠢ᠂ ᠪᠤᠰᠤᠳ ᠭᠠᠵᠠᠷ ᠢᠶᠡᠷ ᠠᠶᠤᠩᠭ᠋ᠠᠲᠤ ᠪᠤᠷᠤᠭᠠᠨ ᠲᠡᠢ᠂ ᠬᠡᠳᠦᠶᠢᠪᠡᠷ ᠪᠤᠷᠤᠭᠠᠨ ᠤᠷᠤᠬᠤ ᠪᠤᠯᠪᠠᠴᠤ ᠠᠭᠠᠷ ᠤᠨ ᠳᠤᠯᠠᠭᠠᠨ ᠬᠠᠷᠢᠴᠠᠩᠭ᠋ᠤᠢ ᠲᠤᠭᠲᠠᠭᠤᠨ ᠪᠠᠶᠢᠨ᠎ᠠ᠃ ᠤᠷᠤᠨ ᠳᠠᠶᠠᠭᠠᠷ ᠤᠨ ᠬᠠᠮᠤᠭ ᠤᠨ ᠦᠨᠳᠦᠷ ᠠᠭᠠᠷ ᠤᠨ ᠳᠤᠯᠭᠠᠨ 17 ᠭᠷᠠᠳ᠋ᠦ᠋ᠰ ᠲᠤ ᠬᠦᠷᠤᠨ᠎ᠠ᠃ ᠭᠡᠪᠡᠴᠤ᠂ ᠬᠦᠢᠲᠡᠨ ᠤᠷᠤᠰᠬᠠᠯ ᠤᠨ ᠨᠦᠯᠦᠭᠡ ᠡᠴᠡ ᠪᠤᠯᠵᠤ 20 ᠤ ᠡᠳᠦᠷ ᠡᠴᠡ ᠡᠬᠢᠯᠡᠨ ᠦᠪᠦᠷ ᠮᠣᠩᠭᠣᠯ ᠳᠤ ᠶᠡᠬᠡ ᠬᠡᠪᠴᠢᠶ᠎ᠠ ᠪᠠᠷ ᠪᠤᠷᠤᠭᠠᠨ ᠴᠠᠰᠤ ᠤᠷᠤᠵᠤ ᠠᠭᠠᠷ ᠤᠨ ᠳᠤᠯᠠᠭᠠᠨ ᠪᠠᠭᠤᠷᠠᠨ᠎ᠠ᠃ ᠵᠡᠭᠦᠨ ᠬᠤᠶᠢᠲᠤ ᠪᠦᠰᠡ ᠨᠤᠲᠤᠭ ᠤᠨ ᠠᠭᠠᠷ ᠤᠨ ᠳᠤᠯᠠᠭᠠᠨ 6-8 ᠭᠷᠠᠳ᠋ᠦ᠋ᠰ ᠪᠠᠭᠤᠷᠠᠵᠤ᠂ ᠬᠡᠰᠡᠭ ᠪᠦᠰᠡ ᠨᠤᠲᠤᠭ ᠤᠨ ᠠᠭᠠᠷ ᠤᠨ ᠳᠤᠯᠠᠭᠠᠨ 8-10 ᠭᠷᠠᠳ᠋ᠦ᠋ᠰ ᠪᠠᠭᠤᠷᠠᠬᠤ ᠶᠤᠮ ᠪᠠᠶᠢᠨ᠎ᠠ᠃

    20 ᠤ ᠡᠳᠦᠷ᠂ ᠦᠪᠦᠷ ᠮᠣᠩᠭᠣᠯ ᠤᠨ ᠶᠡᠬᠡᠩᠬᠢ ᠪᠦᠰᠡ ᠨᠤᠲᠤᠭ ᠲᠤ ᠶᠡᠬᠡ ᠰᠠᠯᠬᠢ ᠰᠠᠯᠬᠢᠯᠠᠵᠤ᠂ ᠲᠤᠨᠳᠠᠰᠤ ᠪᠠᠭᠤᠵᠤ᠂ ᠠᠭᠠᠷ ᠤᠨ ᠳᠤᠯᠠᠭᠠᠨ ᠳᠤᠷᠤᠭᠰᠢᠯᠠᠨ᠎ᠠ᠃ ᠡᠭᠦᠨ ᠳᠤ᠂ ᠠᠯᠠᠱᠠ ᠠᠶᠢᠮᠠᠭ ᠤᠨ ᠪᠠᠷᠠᠭᠤᠨ ᠡᠮᠦᠨ᠎ᠠ ᠬᠡᠰᠡᠭ᠂ ᠤᠷᠳᠤᠰ ᠬᠤᠲᠠ ᠶᠢᠨ ᠵᠡᠭᠦᠨ ᠬᠤᠶᠢᠲᠤ ᠬᠡᠰᠡᠭ᠂ ᠬᠦᠬᠡᠬᠤᠲᠠ ᠶᠢᠨ ᠡᠮᠦᠨ᠎ᠠ ᠬᠡᠰᠡᠭ᠂ ᠤᠯᠠᠭᠠᠨᠴᠠᠪ ᠬᠤᠲᠠ ᠶᠢᠨ ᠡᠮᠦᠨ᠎ᠠ ᠬᠡᠰᠡᠭ ᠲᠤ ᠪᠠᠭ᠎ᠠ ᠪᠤᠷᠤᠭᠠᠨ ᠲᠠᠢ᠃ ᠬᠦᠯᠦᠨ ᠪᠤᠶᠢᠷ ᠬᠤᠲᠠ ᠶᠢᠨ ᠵᠡᠭᠦᠨ ᠬᠡᠰᠡᠭ ᠲᠤ ᠪᠠᠭ᠎ᠠ ᠴᠠᠰᠤ ᠪᠤᠶᠤ ᠪᠤᠷᠤᠭᠠᠨ ᠴᠠᠰᠤ ᠬᠤᠯᠢᠯᠳᠤᠵᠤ ᠤᠷᠤᠨ᠎ᠠ᠂ ᠬᠦᠯᠦᠨ ᠪᠤᠶᠢᠷ ᠬᠤᠲᠠ ᠶᠢᠨ ᠵᠡᠭᠦᠨ ᠬᠤᠶᠢᠲᠤ ᠬᠡᠰᠡᠭ ᠢᠶᠡᠷ ᠳᠤᠮᠳᠠ ᠵᠡᠷᠭᠡ ᠶᠢᠨ ᠴᠠᠰᠤ ᠲᠠᠢ᠃ ᠪᠤᠰᠤᠳ ᠪᠦᠰᠡ ᠨᠤᠲᠤᠭ ᠢᠶᠡᠷ ᠲᠤᠩᠭ᠋ᠠᠯᠠᠭ ᠬᠡᠰᠡᠭ ᠲᠤ ᠪᠡᠨ ᠡᠭᠦᠯᠡ ᠲᠠᠢ᠃ ᠪᠠᠷᠠᠭᠤᠨ ᠬᠡᠰᠡᠭ ᠤᠨ ᠬᠤᠶᠢᠭᠤᠷᠬᠢ ᠪᠤᠯᠤᠨ ᠵᠡᠭᠦᠨ ᠬᠡᠰᠡᠭ ᠤᠨ ᠪᠦᠰᠡ ᠨᠤᠲᠤᠭ ᠲᠤ ᠪᠠᠷᠠᠭᠤᠨ ᠬᠤᠶᠢᠨ᠎ᠠ ᠡᠴᠡ 4 -5 ᠳᠡᠰ ᠤᠨ ᠰᠠᠯᠬᠢ ᠰᠠᠯᠬᠢᠯᠠᠵᠤ᠂ ᠵᠡᠭᠦᠨ ᠬᠤᠶᠢᠲᠤ ᠪᠦᠰᠡ ᠨᠤᠲᠤᠭ ᠤᠨ ᠠᠭᠠᠷ ᠤᠨ ᠳᠤᠯᠠᠭᠠᠨ 6-8 ᠭᠷᠠᠳ᠋ᠦ᠋ᠰ ᠪᠠᠭᠤᠷᠠᠨ᠂ ᠬᠡᠰᠡᠭ ᠪᠦᠰᠡ ᠨᠤᠲᠤᠭ ᠤᠨ ᠠᠭᠠᠷ ᠤᠨ ᠳᠤᠯᠠᠭᠠᠨ 8-10 ᠭᠷᠠᠳ᠋ᠦ᠋ᠰ ᠪᠠᠭᠤᠷᠠᠬᠤ ᠶᠤᠮ ᠪᠠᠶᠢᠨ᠎ᠠ᠃ ᠴᠠᠭ ᠠᠭᠠᠷ ᠤᠨ ᠲᠤᠰᠬᠠᠢ ᠮᠡᠷᠭᠡᠵᠢᠯᠲᠠᠨ ᠡᠴᠡ ᠤᠳᠠᠬᠤ ᠦᠭᠡᠢ ᠢᠷᠡᠬᠦ ᠭᠡᠵᠤ ᠪᠠᠢᠢᠭ᠎ᠠ ᠴᠠᠭ ᠠᠭᠤᠷ ᠤᠨ ᠪᠠᠶᠢᠳᠠᠯ ᠬᠦᠮᠦᠰ ᠤᠨ ᠦᠢᠯᠡᠳᠪᠦᠷᠢᠯᠡᠯ ᠠᠮᠢᠳᠤᠷᠠᠯ ᠳᠤ ᠠᠰᠢᠭ ᠦᠭᠡᠢ ᠨᠦᠯᠦᠭᠡ ᠪᠤᠯᠵᠤ ᠮᠡᠳᠡᠬᠦ ᠤᠴᠢᠷ ᠡᠴᠡ ᠲᠠᠷᠢᠶᠠᠯᠠᠩ ᠤᠨ ᠪᠦᠰᠡ ᠠᠰᠢᠭ ᠦᠭᠡᠢ ᠴᠠᠭ ᠠᠭᠠᠷ ᠤᠨ ᠪᠠᠶᠢᠳᠠᠯ ᠡᠴᠡ ᠵᠠᠶᠢᠯᠠᠰᠬᠢᠵᠤ᠂ ᠨᠠᠮᠤᠷ ᠤᠨ ᠬᠤᠷᠢᠶᠠᠯᠲᠠ ᠶᠢᠨ ᠰᠢᠪᠳᠤᠷᠠᠭᠠᠨ ᠢ ᠲᠦᠷᠭᠡᠳᠭᠡᠬᠦ ᠶᠢ ᠰᠠᠨᠠᠭᠤᠯᠵᠤ ᠪᠠᠶᠢᠨ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121827061