蒙古文网站Logo
ᠰᠢᠨᠬᠤᠸᠠ ᠮᠤᠩᠭ᠋ᠤᠯ ᠨᠧᠲ

ᠥᠨᠥ ᠵᠢᠯ ᠤᠨ ᠲᠠᠪᠬᠤᠷ ᠶᠢᠰᠦᠨ ᠤ ᠪᠠᠶᠠᠷ ᠬᠤᠵᠢᠮᠳᠠᠵᠤ ᠢᠷᠡᠨ᠎ᠠ

2017-10-27 12:48

    ᠰᠢᠨᠬᠤᠧᠠ ᠬᠤᠷᠢᠶ ᠠ  ᠲᠢᠶᠠᠨᠵᠢᠨ ᠤ 10 ᠰᠠᠷ᠎ᠠ ᠶᠢᠨ 26 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠬᠴᠢ ᠵᠧᠦ ᠷᠦᠨ ᠵᠢᠶᠠᠨ)28 ᠤ ᠡᠳᠦᠷ᠂ ᠳᠠᠷᠤᠢ ᠪᠢᠯᠢᠭ᠌ ᠤᠨ ᠤᠯᠠᠷᠢᠯ ᠤᠨ 9 ᠰᠠᠷ᠎ᠠ ᠶᠢᠨ 9 ᠤ ᠡᠳᠦᠷ ᠲᠠᠪᠬᠤᠷ ᠶᠢᠰᠦᠨ ᠤ ᠪᠠᠶᠠᠷ ᠬᠦᠷᠴᠤ ᠢᠷᠡᠨ᠎ᠠ᠃ ᠤᠳᠤᠨ ᠤᠷᠤᠨ ᠤ ᠮᠡᠷᠭᠡᠵᠢᠯᠲᠠᠳ᠂ 2007 ᠤᠨ ᠡᠴᠡ 2024 ᠤᠨ ᠤ ᠬᠤᠭᠤᠷᠤᠨᠳᠤ᠂ ᠥᠨᠥ ᠵᠢᠯ ᠤᠨ ᠲᠠᠪᠬᠤᠷ ᠶᠢᠰᠦᠨ ᠤ ᠪᠠᠶᠠᠷ ᠤᠨ ᠲᠤᠬᠢᠷᠠᠬᠰᠠᠨ ᠨᠡᠶᠢᠲᠡ ᠶᠢᠨ ᠤᠨ ᠲᠤᠭᠠᠯᠠᠯ ᠤᠨ ᠡᠳᠦᠷ ᠬᠤᠭᠤᠴᠠᠭ᠎ᠠ ᠬᠠᠮᠤᠭ ᠤᠨ ᠤᠷᠤᠢ ᠬᠦᠷᠴᠤ ᠢᠷᠡᠨ᠎ᠠ ᠬᠡᠵᠤ ᠢᠯᠡᠷᠬᠡᠶᠢᠯᠡᠪᠡ᠃

    ᠥᠢᠯᠠᠭᠠᠭᠰᠠᠨ ᠢᠶᠡᠷ᠂ ᠲᠠᠪᠬᠤᠷ ᠶᠢᠰᠦᠨ ᠤ ᠪᠠᠶᠠᠷ ᠮᠠᠨ ᠤ ᠤᠯᠤᠰ ᠲᠤ ᠥᠨᠢ ᠤᠳᠠᠭᠠᠨ ᠲᠡᠤᠬᠡ ᠲᠠᠢ᠂ ᠪᠠᠰᠠ ᠨᠠᠰᠤᠲᠠᠶᠢᠴᠤᠤᠯ ᠤᠨ ᠪᠠᠶᠠᠷ᠂ ᠨᠠᠰᠤᠲᠠᠶᠢᠴᠤᠤᠯ ᠤᠨ ᠠᠰᠠᠷᠠᠮᠵᠢ ᠶᠢᠨ ᠪᠠᠶᠠᠷ ᠬᠡᠮᠡᠳᠡᠭ᠃ 2013 ᠤᠨ ᠤ 7 ᠰᠠᠷ᠎ᠠ ᠶᠢᠨ 1 ᠤ ᠡᠳᠦᠷ ᠬᠡᠷᠡᠭᠵᠢᠭᠦᠯᠦᠭᠰᠡᠨ 《ᠨᠠᠰᠤᠲᠠᠶᠢᠴᠤᠤᠯ ᠤᠨ ᠡᠷᠭᠡ ᠠᠰᠢᠭ ᠢ ᠪᠠᠲᠤᠯᠠᠬᠤ ᠬᠠᠤᠯᠢ》 ᠳ᠋ᠤ᠂ ᠵᠢᠯ ᠪᠤᠯᠭᠠᠨ ᠤ ᠪᠢᠯᠢᠭ᠌ ᠤᠨ ᠤᠯᠠᠷᠢᠯ ᠤᠨ 9 ᠰᠠᠷ᠎ᠠ ᠶᠢᠨ 9 ᠤ ᠡᠳᠦᠷ ᠢ ᠤᠯᠤᠰ ᠳᠠᠶᠠᠭᠠᠷ ᠤᠨ 《ᠨᠠᠰᠤᠲᠠᠶᠢᠴᠤᠤᠯ ᠤᠨ ᠪᠠᠶᠠᠷ》ᠪᠤᠯᠭᠠᠬᠠᠤ ᠪᠡᠷ ᠲᠤᠳᠤᠷᠬᠠᠢ ᠲᠤᠭᠲᠠᠭᠠᠬᠰᠠᠨ ᠶᠤᠮ᠃

    ᠠᠷᠠᠳ ᠤᠨ ᠶᠠᠪᠤᠳᠠᠯ ᠤᠨ ᠶᠠᠮᠦᠨ ᠡᠴᠡ ᠨᠡᠶᠢᠲᠡᠯᠡᠭᠰᠡᠨ 《2016 ᠤᠨ ᠤ ᠨᠡᠶᠢᠬᠡᠮ ᠤᠨ ᠥᠢᠯᠡᠴᠢᠯᠡᠬᠡᠨ ᠤ ᠭᠦᠭ᠍ᠵᠢᠯᠲᠠ ᠶᠢᠨ ᠪᠦᠷᠢᠳᠭᠡᠯ ᠤᠨ ᠠᠯᠪᠠᠨ ᠮᠡᠳᠡᠭᠡ 》 ᠳ᠋ᠤ ᠢᠯᠡᠷᠡᠭᠦᠯᠦᠭᠰᠡᠨ ᠢᠶᠡᠷ᠂ 2016 ᠤᠨ ᠤ ᠡᠴᠤᠰ ᠪᠤᠯᠲᠠᠯ᠎ᠠ᠂ ᠤᠯᠤᠰ ᠳᠠᠶᠠᠭᠠᠷ ᠤᠨ 60 ᠨᠠᠰᠤ ᠵᠢᠴᠢ 60 ᠨᠠᠰᠤᠨ ᠡᠴᠡ ᠳᠡᠭᠡᠭ᠍ᠰᠢᠬᠢ ᠨᠠᠰᠤᠲᠠᠶᠢᠴᠤᠳ 23086 ᠲᠦᠮᠡᠨ ᠬᠦᠮᠦᠨ ᠪᠤᠢ᠂ ᠡᠨᠡ ᠨᠢ ᠶᠡᠷᠦᠩᠬᠡᠢ ᠬᠦᠮᠦᠨ ᠠᠮᠠ ᠶᠢᠨ 16.7% ᠶ᠋ᠢ ᠡᠵᠡᠯᠡᠬᠦ ᠪᠤᠯᠤᠨ᠎ᠠ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121866170