蒙古文网站Logo
ᠰᠢᠨᠬᠤᠸᠠ ᠮᠤᠩᠭ᠋ᠤᠯ ᠨᠧᠲ

ᠡᠷᠢᠶᠠᠨ ᠬᠤᠲᠠ- ᠤᠯᠠᠭᠠᠨᠪᠠᠭᠠᠲᠤᠷ ᠴᠢᠭᠯᠡᠯ ᠤᠨ ᠠᠭᠠᠷ ᠠᠶᠠᠯᠠᠯ ᠤᠨ ᠱᠤᠭᠤᠮ ᠪᠦᠲᠦᠨ ᠵᠢᠯ ᠠᠶᠠᠯᠠᠯ ᠨᠡᠪᠲᠡᠷᠡᠯ᠎ᠠ

2017-10-27 17:09

    ᠰᠤᠷᠪᠤᠯᠵᠢᠯᠠᠭᠴᠢ ᠲᠦᠷᠦᠬᠦᠭᠡᠨ ᠦᠪᠦᠷ ᠮᠣᠩᠭᠣᠯ ᠤᠨ ᠨᠢᠰᠬᠦ ᠤᠩᠭ᠋ᠤᠴᠠᠨ ᠤ ᠪᠦᠯᠦᠭᠯᠡᠯ ᠺᠤᠮᠫᠠᠨᠢ ᠡᠴᠡ ᠤᠶᠢᠯᠠᠭᠠᠭᠰᠠᠨ ᠢᠶᠡᠷ᠂ ᠡᠷᠢᠶᠠᠨ ᠬᠤᠲᠠ-ᠤᠯᠠᠭᠠᠨᠪᠠᠭᠠᠲᠤᠷ ᠴᠢᠭᠯᠡᠯ ᠤᠨ ᠠᠭᠠᠷ ᠠᠶᠠᠯᠠᠯ ᠨᠡᠪᠲᠡᠷᠡᠭᠰᠡᠨ ᠡᠴᠡ ᠨᠠᠰᠢ ᠠᠶᠠᠨᠴᠢᠳ ᠤᠨ ᠨᠤᠷᠮ᠎ᠠ ᠨᠡᠯᠢᠶᠡᠳ ᠰᠠᠶᠢᠨ᠂ ᠵᠠᠬ᠎ᠠ ᠵᠡᠭᠡᠯᠢ ᠶᠢᠨ ᠲᠤᠰᠬᠠᠯ ᠴᠤ ᠰᠠᠶᠢᠨ ᠪᠠᠶᠢᠯ᠎ᠠ᠃ ᠬᠢᠯᠢ ᠳᠠᠮᠨᠠᠬᠤ ᠵᠢᠭᠤᠯᠴᠢᠳ ᠤᠨ ᠱᠠᠭᠠᠷᠳᠠᠯᠭ᠎ᠠ ᠶᠢ ᠤᠯᠠᠮ ᠰᠠᠶᠢᠨ ᠬᠠᠩᠭ᠋ᠠᠬᠤ ᠶᠢᠨ ᠲᠦᠯᠦᠭᠡ ᠲᠤᠰ ᠠᠭᠠᠷ ᠠᠶᠠᠯᠠᠯ ᠤᠨ ᠱᠤᠭᠤᠮ ᠢ ᠨᠢᠬᠲᠠᠷᠠᠭᠤᠯᠵᠤ ᠡᠳᠦᠷ ᠲᠤ ᠬᠤᠶᠠᠷ ᠨᠢᠰᠦᠯᠭᠡ ᠲᠠᠢ ᠪᠤᠯᠭᠠᠪᠠ᠃

    ᠨᠢᠰᠦᠯᠭᠡ ᠨᠡᠮᠡᠭᠳᠡᠭᠰᠡᠨ ᠤ ᠳᠠᠷᠠᠭ᠎ᠠ᠂ ᠡᠳᠦᠷ ᠤᠨ ᠠᠩᠬᠠᠨ ᠤ ᠨᠢᠰᠦᠯᠭᠡ ᠨᠢ 14᠄ 30 ᠴᠠᠭ ᠲᠤ ᠤᠯᠠᠭᠠᠨᠪᠠᠭᠠᠲᠤᠷ ᠡᠴᠡ ᠨᠢᠰᠴᠤ᠂ 16᠄ 10 ᠴᠠᠭ ᠲᠤ ᠡᠷᠢᠶᠡᠨ ᠬᠤᠲᠠ ᠳᠤ ᠭᠠᠵᠠᠷᠲᠠᠨ᠂ 17᠄ 10 ᠴᠠᠭ ᠲᠤ ᠡᠷᠢᠶᠡᠨ ᠬᠤᠲᠠ ᠡᠴᠡ ᠨᠢᠰᠴᠤ᠂ 18᠄ 50 ᠴᠠᠭ ᠲᠤ ᠤᠯᠠᠭᠠᠨᠪᠠᠭᠠᠳᠤᠷ ᠲᠤ ᠭᠠᠵᠠᠷᠲᠠᠨ᠎ᠠ᠃ ᠡᠴᠤᠰ ᠤᠨ ᠨᠢᠰᠦᠯᠭᠡ ᠨᠢ 21᠄ 00 ᠴᠠᠭ ᠲᠤ ᠤᠯᠠᠭᠠᠨᠪᠠᠭᠠᠳᠤᠷ ᠡᠴᠡ ᠨᠢᠰᠴᠤ᠂ 22᠄ 40 ᠴᠠᠭ ᠲᠤ ᠡᠷᠢᠶᠡᠨ ᠬᠤᠲᠠ ᠳᠤ ᠭᠠᠵᠠᠷᠲᠠᠨ᠂ 23᠄ 40 ᠴᠠᠭ ᠲᠤ ᠡᠷᠢᠶᠡᠨ ᠬᠤᠲᠠ ᠡᠴᠡ ᠨᠢᠰᠴᠤ᠂ ᠳᠠᠷᠠᠭ᠎ᠠ ᠡᠳᠦᠷ ᠤᠨ 01᠄ 20 ᠴᠠᠭ ᠲᠤ ᠤᠯᠠᠭᠠᠨᠪᠠᠭᠠᠳᠤᠷ ᠲᠤ ᠭᠠᠵᠠᠷᠲᠠᠨ᠎ᠠ᠃ ᠠᠭᠠᠷ ᠠᠶᠠᠯᠠᠯ ᠤᠨ ᠵᠠᠬ᠎᠎ᠠ ᠵᠡᠭᠡᠯᠢ ᠶᠢᠨ ᠨᠦᠯᠦᠭᠡ ᠶᠢ ᠳᠡᠭᠡᠭ᠍ᠰᠢᠯᠡᠭᠦᠯᠬᠦ ᠶᠢᠨ ᠲᠦᠯᠦᠭᠡ ᠡᠷᠢᠶᠡᠨ ᠬᠤᠲᠠ ᠶᠢᠨ ᠨᠢᠰᠬᠦ ᠤᠩᠭ᠋ᠤᠴᠠᠨ ᠤ ᠪᠠᠭᠤᠳᠠᠯ ᠡᠵᠡᠩᠨᠡᠨ ᠪᠤᠷᠤᠯᠠᠭᠤᠯᠬᠤ ᠲᠦᠰᠦᠯ ᠳᠤ ᠪᠡᠨ ᠲᠤᠬᠢᠷᠠᠭᠤᠯᠤᠯᠲᠠ ᠬᠢᠵᠤ᠂ ᠤᠯᠠᠭᠠᠨᠪᠠᠭᠠᠳᠦᠷ ᠤᠨ ᠠᠭᠠᠷ ᠠᠶᠠᠯᠠᠯ ᠤᠨ ᠱᠤᠭᠤᠮ ᠤᠨ ᠪᠤᠷᠤᠯᠠᠭᠤᠯᠭ᠎ᠠ ᠶᠢᠨ ᠲᠦᠷᠦ ᠶᠢᠨ ᠪᠤᠳᠤᠯᠭ᠎ᠠ ᠶᠢ ᠳᠠᠩ ᠭᠠᠭᠴᠠ ᠲᠠᠰᠤᠯᠪᠤᠷᠢ ᠶᠢᠨ ᠦᠨ᠎ᠠ ᠬᠠᠩᠰᠢ ᠪᠠᠶᠢᠬᠰᠠᠨ ᠡᠴᠡ ᠨᠢ ᠪᠦᠬᠡᠬᠡᠭ᠌ ᠤᠨ ᠰᠠᠭᠤᠳᠠᠯ ᠤᠨ ᠬᠠᠩᠰᠢ᠂ ᠠᠳᠠᠯᠢ ᠪᠤᠰᠤ ᠴᠠᠭ ᠤᠨ ᠬᠤᠪᠢᠶᠠᠷᠢ ᠶᠢᠨ ᠬᠠᠩᠰᠢ ᠵᠡᠷᠭᠡ ᠠᠳᠠᠯᠢ ᠪᠤᠰᠤ ᠪᠠᠷᠢᠮᠵᠢᠶ᠎ᠠ ᠪᠠᠷ ᠲᠤᠬᠢᠷᠠᠭᠤᠯᠬᠤ ᠶᠢᠨ ᠬᠠᠮᠲᠤ ᠪᠠᠰᠠ 30-50 ᠳ᠋ᠤᠯᠯᠠᠷ ᠤᠨ ᠬᠢᠮᠳᠠ ᠦᠨ᠎ᠠ ᠲᠠᠢ ᠲᠠᠰᠤᠯᠪᠤᠷᠢ ᠭᠠᠷᠭᠠᠪᠠ᠃

    ᠤᠶᠢᠯᠠᠭᠠᠭᠰᠠᠨ ᠢᠶᠡᠷ᠂ ᠲᠦᠷᠦᠭᠦᠬᠡᠨ ᠤᠯᠤᠰ ᠤᠨ ᠪᠤᠭᠤᠮᠲᠠ ᠶᠢᠨ ᠬᠠᠮᠢᠶᠠᠷᠤᠯᠲᠠ ᠶᠢᠨ ᠠᠯᠪᠠᠨ ᠡᠴᠡ ᠳᠤᠮᠳᠠᠳᠤ ᠭᠠᠳᠠᠭᠠᠲᠤ ᠶᠢᠨ ᠠᠶᠠᠨᠴᠢᠨ ᠤ ᠨᠢᠰᠬᠦ ᠤᠩᠭ᠋ᠤᠴᠠ ᠡᠷᠢᠶᠡᠨ ᠬᠤᠲᠠ ᠶᠢᠨ ᠰᠠᠶᠢᠬᠤᠰᠤ ᠨᠢᠰᠬᠦ ᠤᠩᠭ᠋ᠤᠴᠠᠨ ᠤ ᠪᠠᠭᠤᠳᠠᠯ ᠡᠴᠡ ᠲᠦᠷ ᠵᠠᠭᠤᠷ᠎ᠠ ᠬᠢᠯᠢ ᠳᠠᠮᠨᠠᠬᠤ ᠶᠢ ᠴᠤᠬᠤᠯᠠᠪᠤᠷᠢᠯᠠᠪᠠ᠃ ᠡᠨᠡ ᠨᠢ ᠡᠷᠢᠶᠡᠨ ᠬᠤᠲᠠ ᠶᠢᠨ ᠨᠢᠰᠬᠦ ᠤᠩᠭ᠋ᠤᠴᠠᠨ ᠤ ᠪᠠᠭᠤᠳᠠᠯ ᠦᠨᠦ ᠵᠢᠯ ᠬᠤᠶᠠᠳᠠᠬᠢ ᠤᠳᠠᠭ᠎ᠠ ᠪᠠᠨ ᠡᠨᠡᠬᠦ ᠴᠤᠬᠤᠯᠠᠪᠤᠷᠢᠯᠠᠯ ᠢ ᠤᠯᠵᠤ ᠪᠠᠶᠢᠭ᠎ᠠ ᠶᠤᠮ᠂ 10 ᠰᠠᠷ᠎ᠠ ᠶᠢᠨ 16 ᠤ ᠡᠳᠦᠷ ᠡᠴᠡ 2018 ᠤᠨ ᠤ 4 ᠰᠠᠷ᠎ᠠ ᠶᠢᠨ 16 ᠤ ᠡᠳᠦᠷ ᠪᠤᠯᠲᠠᠯ᠎ᠠ ᠨᠡᠪᠲᠡᠷᠡᠬᠦ ᠪᠤᠯᠤᠨ᠎ᠠ᠃ ᠡᠷᠢᠶᠡᠨ ᠬᠤᠲᠠ - ᠤᠯᠠᠭᠠᠨᠪᠠᠭᠠᠲᠤᠷ ᠴᠢᠭᠯᠡᠯ ᠤᠨ ᠠᠭᠠᠷ ᠠᠶᠠᠯᠠᠯ ᠤᠨ ᠱᠤᠭᠤᠮ ᠬᠤᠶᠠᠷ ᠤᠳᠠᠭᠠᠨ ᠤ ᠲᠦᠷ ᠵᠠᠭᠤᠷ᠎ᠠ ᠶᠢᠨ ᠬᠢᠯᠢ ᠳᠠᠮᠨᠠᠬᠤ ᠠᠵᠢᠯᠯᠠᠭ᠎ᠠ ᠶᠢ ᠨᠢᠬᠲᠠ ᠵᠤᠯᠭᠠᠭᠤᠯᠤᠬᠰᠠᠨ ᠢᠶᠡᠷ ᠪᠦᠲᠦᠨ ᠵᠢᠯ ᠠᠶᠠᠯᠠᠯ ᠨᠡᠪᠲᠡᠷᠡᠬᠦ ᠶᠢ ᠪᠡᠶᠡᠯᠡᠭᠦᠯᠬᠦ ᠶᠤᠮ ᠪᠠᠶᠢᠨ᠎ᠠ᠃

ᠢᠷᠡᠯᠳᠡ᠄ ᠬᠦᠬᠡᠬᠤᠲᠠ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121867792