蒙古文网站Logo
ᠰᠢᠨᠬᠤᠸᠠ ᠮᠤᠩᠭ᠋ᠤᠯ ᠨᠧᠲ

ᠦᠨᠦᠳᠦᠷ ᠡᠴᠡ ᠡᠬᠢᠯᠡᠨ ᠦᠪᠦᠷ ᠮᠣᠩᠭᠣᠯ ᠤᠨ ᠶᠡᠬᠡᠩᠬᠢ ᠪᠦᠰᠡ ᠨᠤᠲᠤᠭ ᠤᠨ ᠠᠭᠠᠷ ᠤᠨ ᠳᠤᠯᠠᠭᠠᠨ  8 ᠭᠷᠠᠳ᠋ᠦ᠋ᠰ ᠡᠴᠡ ᠢᠯᠡᠭᠦᠦ ᠪᠠᠭᠤᠷᠠᠨ᠎ᠠ

2017-10-27 17:12

    10 ᠰᠠᠷ᠎ᠠ ᠤᠷᠤᠭᠰᠠᠨ ᠡᠴᠡ ᠨᠠᠰᠢ᠂ ᠦᠪᠦᠷ ᠮᠣᠩᠭᠣᠯ ᠬᠦᠢᠲᠡᠨ ᠤᠷᠤᠰᠬᠠᠯ ᠤᠨ ᠨᠦᠯᠦᠭᠡ ᠶᠢ ᠬᠡᠲᠤᠨᠲᠡ ᠬᠦᠷᠲᠡᠵᠤ᠂ ᠠᠭᠠᠷ ᠤᠨ ᠳᠤᠯᠠᠭᠠᠨ ᠬᠡᠰᠡᠭ ᠳᠤᠯᠠᠭᠠᠷᠠᠵᠤ ᠬᠡᠰᠡᠭ ᠬᠦᠢᠳᠡᠷᠡᠪᠡ᠃ ᠦᠪᠦᠷ ᠮᠣᠩᠭᠣᠯ ᠤᠨ ᠴᠠᠭ ᠠᠭᠤᠷ ᠤᠨ ᠲᠤᠪᠴᠢᠶᠠᠨ ᠤ ᠦᠴᠦᠭᠡᠳᠦᠷ ᠤᠨ ᠮᠡᠳᠡᠭᠡ ᠶᠢ ᠦᠨᠳᠦᠰᠦᠯᠡᠪᠡᠯ 27 ᠤ ᠡᠳᠦᠷ ᠡᠴᠡ ᠡᠬᠢᠯᠡᠨ ᠦᠪᠦᠷ ᠮᠣᠩᠭᠣᠯ ᠳᠠᠬᠢᠨ ᠬᠦᠢᠲᠡᠨ ᠤᠷᠤᠰᠬᠠᠯ ᠤᠨ ᠨᠦᠯᠦᠭᠡ ᠶᠢ ᠬᠦᠷᠲᠡᠨ᠎ᠠ᠂ ᠤᠷᠤᠨ ᠳᠠᠶᠠᠭᠠᠷ ᠤᠨ ᠶᠡᠬᠡᠩᠬᠢ ᠪᠦᠰᠡ ᠨᠤᠲᠤᠭ ᠤᠨ ᠠᠭᠠᠷ ᠤᠨ ᠳᠤᠯᠠᠭᠠᠨ 8-10 ᠭᠷᠠᠳ᠋ᠦ᠋ᠰ ᠪᠠᠭᠤᠷᠠᠵᠤ᠂ ᠳᠤᠤᠷ᠎ᠠ ᠬᠠᠭᠠᠰ ᠵᠢᠯ ᠤᠨ ᠬᠠᠮᠤᠭ ᠤᠨ ᠳᠤᠤᠷ᠎ᠠ ᠠᠭᠠᠷ ᠤᠨ ᠳᠤᠯᠠᠭᠠᠨ ᠢᠯᠡᠷᠡᠵᠤ᠂ ᠶᠠᠭ ᠯᠡ《ᠨᠢᠭᠡ ᠯᠡ ᠰᠦᠨᠢ ᠡᠪᠤᠯ ᠪᠤᠯᠬᠤ》ᠮᠡᠳᠤ ᠪᠤᠯᠤᠨ᠎ᠠ᠃

    ᠦᠪᠦᠷ ᠮᠣᠩᠭᠣᠯ ᠤᠨ ᠴᠠᠭ ᠠᠭᠤᠷ ᠤᠨ ᠲᠤᠪᠴᠢᠶ᠎ᠠ 26 ᠤ ᠡᠳᠦᠷ ᠤᠨ 9 ᠪᠤᠯᠤᠨ 9᠄ 30 ᠴᠠᠭ ᠲᠤ ᠲᠤᠰ ᠪᠦᠷᠢ ᠬᠢᠷᠠᠭᠤ ᠤᠨᠠᠬᠤ ᠪᠠ ᠬᠦᠢᠲᠡᠨ ᠤᠷᠤᠰᠬᠠᠯ ᠤᠨ ᠬᠦᠬᠡ ᠰᠡᠷᠡᠮᠵᠢ ᠶᠢᠨ ᠲᠤᠬᠢᠶ᠎ᠠ  ᠨᠡᠶᠢᠲᠡᠯᠡᠪᠠ᠂ ᠤᠷᠢᠳᠴᠢᠯᠠᠨ ᠲᠤᠭᠠᠴᠠᠭᠠᠯᠠᠭᠰᠠᠨ ᠢᠶᠡᠷ 48 ᠴᠠᠭ ᠤᠨ ᠳᠤᠳᠤᠷ᠎ᠠ ᠤᠷᠤᠨ ᠳᠠᠶᠠᠭᠠᠷ ᠤᠨ ᠶᠡᠬᠡᠩᠬᠢ ᠪᠦᠰᠡ ᠨᠤᠲᠤᠭ ᠤᠨ ᠬᠠᠮᠤᠭ ᠤᠨ ᠳᠤᠤᠷ᠎ᠠ ᠠᠭᠠᠷ ᠤᠨ ᠳᠤᠯᠠᠭᠠᠨ 8 ᠭᠷᠠᠳ᠋ᠦ᠋ᠰ ᠡᠴᠡ ᠢᠯᠡᠭᠦᠦ ᠪᠠᠭᠤᠷᠠᠵᠤ ᠭᠠᠵᠠᠷ ᠤᠨ ᠭᠠᠳᠠᠷᠭᠤ ᠶᠢᠨ ᠬᠠᠮᠤᠭ ᠤᠨ ᠳᠤᠤᠷ᠎ᠠ ᠠᠭᠠᠷ ᠤᠨ ᠳᠤᠯᠠᠭᠠᠨ ᠲᠡᠭ ᠡᠴᠡ ᠳᠤᠷᠤᠭᠰᠢ ᠪᠤᠯᠵᠤ᠂ ᠡᠬᠡ ᠬᠠᠭᠤᠷᠠᠢ ᠶᠢᠨ ᠳᠤᠮᠳᠠᠴᠢ ᠰᠠᠯᠬᠢᠨ ᠤ ᠬᠦᠴᠤ 5 ᠳᠡᠰ ᠢ ᠳᠠᠪᠠᠨ᠎ᠠ᠃ ᠦᠪᠦᠷ ᠮᠣᠩᠭᠣᠯ ᠤᠨ ᠴᠠᠭ ᠠᠭᠤᠷ ᠤᠨ ᠰᠠᠯᠠᠭ᠎ᠠ ᠮᠦᠴᠢᠷ ᠤᠨ ᠤᠷᠢᠳᠴᠢᠯᠠᠨ ᠲᠤᠭᠠᠴᠠᠭᠠᠯᠠᠭᠰᠠᠨ ᠢᠶᠡᠷ᠂ 10 ᠰᠠᠷ᠎ᠠ ᠶᠢᠨ 27-30 ᠤ ᠡᠳᠦᠷ᠂ ᠦᠪᠦᠷ ᠮᠣᠩᠭᠣᠯ ᠤᠨ ᠪᠠᠷᠠᠭᠤᠨ ᠪᠦᠰᠡ᠂ ᠳᠤᠮᠳᠠ ᠪᠦᠰᠡ ᠶᠢᠨ ᠡᠮᠦᠨᠡᠭᠦᠷᠬᠢ ᠪᠦᠰᠡ ᠨᠤᠲᠤᠭ ᠲᠤ ᠬᠢᠷᠠᠭᠤ ᠤᠨᠠᠵᠤ᠂ ᠪᠠᠷᠠᠭᠤᠨ ᠪᠦᠰᠡ ᠶᠢᠨ ᠬᠤᠶᠢᠭᠤᠷᠬᠢ ᠪᠦᠰᠡ ᠨᠤᠲᠤᠭ᠂ ᠳᠤᠮᠳᠠ ᠵᠡᠭᠦᠨ ᠪᠦᠰᠡ ᠤᠨ ᠬᠤᠶᠢᠭᠤᠷᠬᠢ ᠪᠦᠰᠡ ᠨᠤᠲᠤᠭ ᠲᠤ ᠮᠦᠰᠦᠲᠦᠯ ᠲᠠᠢ᠃ ᠤᠷᠤᠨ ᠳᠠᠶᠠᠭᠠᠷ ᠤᠨ ᠶᠡᠬᠡᠩᠬᠢ ᠪᠦᠰᠡ ᠨᠤᠲᠤᠭ ᠤᠨ ᠠᠭᠠᠷ ᠤᠨ ᠳᠤᠯᠠᠭᠠᠨ 8-10 ᠭᠷᠠᠳ᠋ᠦ᠋ᠰ ᠪᠠᠭᠤᠷᠠᠨ᠎ᠠ᠂ ᠡᠭᠦᠨ ᠳᠤ᠂ ᠠᠯᠠᠱᠠ ᠠᠶᠢᠮᠠᠭ ᠤᠨ ᠵᠡᠭᠦᠨ ᠬᠤᠶᠢᠲᠤ ᠪᠦᠰᠡ᠂ ᠪᠤᠭᠤᠲᠤ ᠬᠤᠲᠠ ᠶᠢᠨ ᠤᠮᠠᠷᠠᠲᠤ ᠪᠦᠰᠡ᠂ ᠤᠯᠠᠭᠠᠨᠴᠠᠪ ᠬᠤᠲᠠ ᠶᠢᠨ ᠬᠤᠶᠢᠲᠤ ᠪᠦᠰᠡ᠂ ᠰᠢᠯᠢ ᠶᠢᠨ ᠭᠤᠤᠯ ᠠᠶᠢᠮᠠᠭ᠂ ᠤᠯᠠᠭᠠᠨᠬᠠᠲᠠ᠂ ᠲᠦ᠋ᠩᠯᠢᠶᠤᠤ᠂ ᠬᠢᠩᠭ᠋ᠠᠨ᠂ ᠬᠦᠯᠦᠨ ᠪᠤᠶᠢᠷ ᠤᠨ ᠪᠠᠷᠠᠭᠤᠨ ᠡᠮᠦᠨ᠎ᠠ ᠪᠦᠰᠡ ᠶᠢᠨ ᠠᠭᠠᠷ ᠤᠨ ᠳᠤᠯᠠᠭᠠᠨ 10-12 ᠭᠷᠠᠳ᠋ᠦ᠋ᠰ ᠪᠠᠭᠤᠷᠠᠬᠤ ᠶᠤᠮ ᠪᠠᠶᠢᠨ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121867806