蒙古文网站Logo
ᠰᠢᠨᠬᠤᠸᠠ ᠮᠤᠩᠭ᠋ᠤᠯ ᠨᠧᠲ

ᠬᠦᠬᠡᠬᠤᠲᠠ ᠭᠠᠳᠠᠭᠠᠲᠤ ᠳᠤ ᠰᠢᠭᠤᠳ ᠨᠡᠪᠲᠡᠷᠡᠬᠦ 3 ᠵᠤᠷᠪᠤᠰ ᠠᠭᠠᠷ ᠠᠶᠠᠯᠠᠯ ᠤᠨ ᠱᠤᠭᠤᠮ  ᠨᠡᠮᠡᠪᠡ

2017-10-31 17:14

    29 ᠤ ᠡᠳᠦᠷ᠂ ᠢᠷᠭᠡᠨ ᠤ ᠠᠭᠠᠷ ᠠᠶᠠᠯᠠᠯ ᠤᠨ 2017/2018 ᠤᠨ ᠤ ᠡᠪᠤᠯ ᠬᠠᠪᠤᠷ ᠤᠨ ᠠᠭᠠᠷ ᠠᠶᠠᠯᠠᠯ ᠤᠨ ᠤᠯᠠᠷᠢᠯ ᠡᠬᠢᠯᠡᠪᠡ᠃ ᠰᠤᠷᠪᠤᠯᠵᠢᠯᠠᠭᠴᠢ ᠳᠤᠮᠳᠠᠳᠤ ᠤᠯᠤᠰ ᠤᠨ ᠤᠯᠠᠨ ᠤᠯᠤᠰ ᠤᠨ ᠠᠭᠠᠷ ᠠᠶᠠᠯᠠᠯ ᠤᠨ ᠬᠤᠪᠢᠴᠠᠭᠠᠲᠤ ᠺᠤᠮᠫᠠᠨᠢ ᠶᠢᠨ ᠦᠪᠦᠷ ᠮᠣᠩᠭᠣᠯ ᠳᠡᠬᠢ ᠬᠤᠪᠢᠶᠠᠷᠢ ᠺᠤᠮᠫᠠᠨᠢ ᠡᠴᠡ ᠤᠶᠢᠯᠠᠭᠠᠭᠰᠠᠨ ᠢᠶᠡᠷ᠂ ᠦᠨᠦ ᠵᠢᠯ ᠤᠨ ᠠᠭᠠᠷ ᠠᠶᠠᠯᠠᠯ ᠤᠨ ᠤᠯᠠᠷᠢᠯ ᠰᠤᠯᠢᠭᠲᠠᠬᠤ ᠳᠤ ᠳᠤᠮᠳᠠᠳᠤ ᠤᠯᠤᠰ ᠤᠨ ᠤᠯᠠᠨ ᠤᠯᠤᠰ ᠤᠨ ᠠᠭᠠᠷ ᠠᠶᠠᠯᠠᠯ ᠤᠨ ᠬᠤᠪᠢᠴᠠᠭᠠᠲᠤ ᠺᠤᠮᠫᠠᠨᠢ ᠶᠢᠨ ᠦᠪᠦᠷ ᠮᠣᠩᠭᠣᠯ ᠳᠡᠬᠢ ᠬᠤᠪᠢᠶᠠᠷᠢ ᠺᠤᠮᠫᠠᠨᠢ ᠡᠴᠡ ᠤᠤᠯ ᠤᠨ ᠪᠠᠶᠢᠭᠰᠠᠨ ᠪᠡᠭᠡᠵᠢᠩ᠂ ᠴᠸᠩᠳᠦ᠋᠂ ᠯᠢᠨ ᠹᠸᠨ᠂ ᠲᠦ᠋ᠩᠯᠢᠶᠤᠤ᠂ ᠤᠯᠠᠭᠠᠨᠬᠠᠲᠠ ᠵᠡᠷᠭᠡ ᠨᠡᠶᠢᠲᠡ ᠶᠢᠨ ᠬᠤᠳᠠᠯᠳᠤᠭᠠᠨ ᠤ ᠶᠠᠪᠤᠳᠠᠯ᠂ ᠵᠢᠭᠤᠯᠴᠢᠯᠠᠯ ᠵᠢᠴᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠳᠤᠲᠤᠭᠠᠲᠤ ᠶᠢᠨ ᠭᠤᠤᠯ ᠪᠤᠯᠬᠤ ᠠᠭᠠᠷ ᠠᠶᠠᠯᠠᠯ ᠤᠨ ᠱᠤᠭᠤᠮ ᠤᠨ ᠰᠠᠭᠤᠷᠢᠨ ᠳᠡᠭᠡᠷ ᠠ᠂ ᠬᠦᠬᠡᠬᠤᠲᠠ - ᠨᠠᠨᠵᠢᠩ᠂ ᠬᠦᠬᠡᠬᠤᠲᠠ - ᠰᠢᠶᠠᠮᠸᠨ ᠪᠤᠯᠤᠨ ᠬᠦᠬᠡᠬᠤᠲᠠ - ᠴᠠᠩᠴᠦ᠋ᠨ ᠴᠢᠭᠯᠡᠯ ᠤᠨ ᠭᠤᠷᠪᠠᠨ ᠵᠤᠷᠪᠤᠰ ᠰᠢᠭᠤᠳ ᠨᠡᠪᠲᠡᠷᠡᠬᠦ ᠱᠤᠭᠤᠮ ᠢ ᠰᠢᠨ᠎ᠠ ᠪᠡᠷ ᠨᠡᠭᠡᠭᠡᠪᠠ᠃ ᠰᠢᠨ᠎ᠠ ᠠᠭᠠᠷ ᠠᠶᠠᠯᠠᠯ ᠤᠨ ᠤᠯᠠᠷᠢᠯ ᠳᠤ ᠳᠤᠮᠳᠠᠳᠤ ᠤᠯᠤᠰ ᠤᠨ ᠤᠯᠠᠨ ᠤᠯᠤᠰ ᠤᠨ ᠠᠭᠠᠷ ᠠᠶᠠᠯᠠᠯ ᠤᠨ ᠬᠤᠪᠢᠴᠠᠭᠠᠲᠤ ᠺᠤᠮᠫᠠᠨᠢ ᠶᠢᠨ ᠦᠪᠦᠷ ᠮᠣᠩᠭᠣᠯ ᠳᠡᠬᠢ ᠬᠤᠪᠢᠶᠠᠷᠢ ᠺᠤᠮᠫᠠᠨᠢ ᠨᠡᠶᠢᠲᠡ 17 ᠠᠭᠠᠷ ᠠᠶᠠᠯᠠᠯ ᠤᠨ ᠱᠤᠭᠤᠮ ᠨᠡᠪᠲᠡᠷᠡᠭᠦᠯᠦᠭᠰᠡᠨ ᠪᠠᠶᠢᠨ᠎ᠠ᠃

    ᠤᠶᠢᠯᠠᠭᠠᠭᠰᠠᠨ ᠢᠶᠡᠷ᠂ ᠲᠤᠰ ᠤᠳᠠᠭᠠᠨ ᠤ ᠰᠢᠨ᠎ᠠ ᠪᠡᠷ ᠨᠡᠮᠡᠭᠳᠡᠭᠰᠡᠨ ᠭᠤᠷᠪᠠᠨ ᠵᠤᠷᠪᠤᠰ ᠠᠭᠠᠷ ᠠᠶᠠᠯᠠᠯ ᠤᠨ ᠱᠤᠭᠤᠮ ᠢ ᠴᠦᠮ ᠪᠸᠤᠶ᠊ᠢᠩ 737-800 ᠬᠡᠯᠪᠡᠷᠢ ᠶᠢᠨ ᠨᠢᠰᠬᠦ ᠤᠩᠭ᠋ᠤᠴᠠ ᠡᠭᠦᠷᠭᠡᠯᠡᠨ᠎ᠠ᠃ ᠬᠦᠬᠡᠬᠤᠲᠠ - ᠨᠠᠨᠵᠢᠩ ᠴᠢᠭᠯᠡᠯ ᠤᠨ ᠠᠭᠠᠷ ᠠᠶᠠᠯᠠᠯ ᠤᠨ ᠱᠤᠭᠤᠮ ᠡᠳᠦᠷ ᠲᠤ 1 ᠨᠢᠰᠦᠯᠭᠡ ᠲᠠᠢ᠂ 7᠄ 00 ᠴᠠᠭ ᠲᠤ ᠬᠦᠬᠡᠬᠤᠲᠠ ᠡᠴᠡ ᠨᠢᠰᠦᠨ᠎ᠠ᠃ ᠬᠦᠬᠡᠬᠤᠲᠠ - ᠰᠢᠶᠠᠮᠸᠨ ᠴᠢᠭᠯᠡᠯ ᠤᠨ ᠠᠭᠠᠷ ᠠᠶᠠᠯᠠᠯ ᠤᠨ ᠱᠤᠭᠤᠮ ᠭᠠᠷᠠᠭ ᠤᠨ ᠨᠢᠭᠡᠨ᠂ ᠬᠤᠶᠠᠷ᠂ ᠲᠠᠪᠤᠨ ᠪᠤᠯᠤᠨ ᠭᠠᠷᠠᠭ ᠤᠨ ᠡᠳᠦᠷ ᠲᠤᠰ ᠪᠦᠷᠢ 1 ᠨᠢᠰᠦᠯᠭᠡ ᠲᠠᠢ᠂ ᠭᠠᠷᠠᠭ ᠤᠨ ᠨᠢᠭᠡᠨ ᠳᠤ 17᠄ 00 ᠴᠠᠭ ᠲᠤ ᠨᠢᠰᠴᠤ ᠭᠠᠷᠠᠭ ᠤᠨ ᠬᠤᠶᠠᠷ᠂ ᠭᠠᠷᠠᠭ ᠤᠨ ᠲᠠᠪᠤᠨ᠂ ᠭᠠᠷᠠᠭ ᠤᠨ ᠡᠳᠦᠷ 15᠄ 00 ᠴᠠᠭ ᠲᠤ ᠨᠢᠰᠦᠨ᠎ᠠ᠃ ᠬᠦᠬᠡᠬᠤᠲᠠ - ᠴᠠᠩᠴᠦ᠋ᠨ ᠴᠢᠭᠯᠡᠯ ᠤᠨ ᠠᠭᠠᠷ ᠠᠶᠠᠯᠠᠯ ᠤᠨ ᠱᠤᠭᠤᠮ ᠭᠠᠷᠠᠭ ᠤᠨ ᠭᠤᠷᠪᠠᠨ᠂ ᠲᠦᠷᠪᠡᠨ᠂ ᠵᠢᠷᠭᠤᠭᠠᠨ ᠳᠤ ᠲᠤᠰ ᠪᠦᠷᠢ 1 ᠨᠢᠰᠦᠯᠭᠡ ᠲᠠᠢ᠂ ᠭᠠᠷᠠᠭ ᠤᠨ ᠭᠤᠷᠪᠠᠨ ᠪᠤᠯᠤᠨ ᠭᠠᠷᠠᠭ ᠤᠨ ᠵᠢᠷᠭᠤᠭᠠᠨ  ᠤ 17᠄ 05 ᠴᠠᠭ ᠲᠤ ᠬᠦᠬᠡᠬᠤᠲᠠ ᠡᠴᠡ ᠨᠢᠰᠴᠤ᠂ ᠭᠠᠷᠠᠭ ᠤᠨ ᠳᠦᠷᠪᠡᠨ ᠳᠤ 17᠄ 55 ᠴᠠᠭ ᠲᠤ ᠨᠢᠰᠦᠨ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121885069