蒙古文网站Logo
ᠰᠢᠨᠬᠤᠸᠠ ᠮᠤᠩᠭ᠋ᠤᠯ ᠨᠧᠲ

ᠬᠦᠢᠲᠠᠨ ᠠᠭᠤᠷ ᠠᠮᠢᠰᠬᠤᠯ ᠤᠨ ᠨᠦᠯᠦᠬᠡ ᠪᠡᠷ ᠵᠠᠷᠢᠮ ᠭᠠᠵᠠᠷ ᠤᠨ ᠠᠭᠠᠷ ᠤᠨ ᠳᠤᠯᠠᠭᠠᠨ 8℃ ᠢᠯᠡᠭᠦᠦ ᠪᠠᠭᠤᠷᠠᠨ᠎ᠠ

2017-11-01 13:21

    ᠲᠦᠪ ᠤᠨ ᠴᠠᠭ ᠠᠭᠤᠷ ᠤᠨ ᠬᠤᠷᠢᠶᠠᠨ ᠤ ᠨᠧᠲ ᠤᠨ ᠮᠡᠳᠡᠭᠡ ᠶᠢ ᠦᠨᠳᠤᠰᠤᠯᠠᠪᠠᠯ᠂ ᠬᠦᠢᠲᠠᠨ ᠠᠭᠤᠷ ᠠᠮᠢᠰᠬᠤᠯ ᠳᠤᠮᠳᠠ ᠵᠡᠬᠦᠨ ᠪᠦᠰᠡ ᠨᠤᠲᠤᠭ ᠢ ᠨᠥᠯᠦᠬᠡᠯᠡᠵᠤ 11 ᠰᠠᠷ᠎ᠠ ᠶᠢᠨ 2  ᠡᠴᠡ 4 ᠤ ᠡᠳᠦᠷ ᠪᠤᠯᠲᠠᠯ᠎ᠠ᠂ ᠳᠤᠮᠳᠠ ᠵᠡᠬᠦᠨ ᠬᠡᠰᠡᠭ ᠤᠨ ᠶᠡᠬᠡᠩᠬᠢ ᠪᠦᠰᠡ ᠨᠤᠲᠤᠭ ᠢᠶᠡᠷ ᠠᠭᠠᠷ ᠤᠨ ᠳᠤᠯᠠᠭᠠᠨ 3-6℃ ᠪᠠᠭᠤᠷᠠᠵᠤ᠂ ᠵᠠᠷᠢᠮ ᠭᠠᠵᠠᠷ ᠢᠶᠡᠷ 8℃ ᠢᠯᠡᠭᠦᠦ ᠪᠠᠭᠤᠷᠠᠨ᠎ᠠ᠃

    ᠡᠮᠦᠨᠡᠲᠤ ᠲᠠᠩᠬᠢᠰ ᠤᠨ ᠡᠮᠦᠨ᠎ᠠ ᠬᠡᠰᠡᠭ ᠲᠤ ᠨᠡᠯᠢᠶᠡᠳ ᠶᠡᠬᠡ ᠰᠠᠯᠬᠢ ᠪᠤᠷᠤᠭᠠᠨ ᠲᠠᠢ᠃ ᠬᠠᠯᠠᠭᠤᠨ ᠪᠦᠰᠡᠨ ᠤ ᠳᠤᠤᠷ᠎ᠠ ᠳᠠᠷᠤᠯᠲᠠ ᠶᠢᠨ ᠨᠥᠯᠥᠬᠡ ᠶᠢ ᠬᠦᠷᠲᠡᠬᠦ ᠡᠴᠡ ᠪᠤᠯᠵᠤ᠂ 11 ᠰᠠᠷ᠎ᠠ ᠶᠢᠨ 2  ᠡᠴᠡ 3 ᠤ ᠡᠳᠦᠷ ᠪᠤᠯᠲᠠᠯ᠎ᠠ᠂ ᠡᠮᠦᠨᠡᠲᠤ ᠲᠠᠩᠬᠢᠰ ᠤᠨ ᠡᠮᠦᠨ᠎ᠠ ᠬᠡᠰᠡᠭ ᠲᠤ ᠶᠡᠬᠡ ᠪᠤᠷᠤᠭᠠᠨ ᠤᠷᠤᠵᠤ ᠪᠠᠶᠢᠬᠰᠠᠨ ᠡᠴᠡ ᠪᠠᠨ ᠠᠭᠠᠳᠠᠷ ᠪᠤᠷᠤᠭᠠᠨ ᠤᠷᠤᠵᠤ᠂ ᠵᠠᠷᠢᠮ ᠳᠤ ᠪᠡᠨ ᠤᠨᠴᠠ ᠶᠡᠬᠡ ᠪᠤᠷᠤᠭᠠᠨ ᠤᠷᠤᠬᠤ ᠪᠦᠬᠡᠳ 7-8 ᠳᠡᠰ ᠢᠶᠡᠷ ᠰᠠᠯᠬᠢᠯᠠᠨ᠂ ᠬᠡᠰᠡᠭ ᠲᠡᠭᠡᠨ 9-10 ᠳᠡᠰ ᠤᠨ ᠰᠠᠯᠬᠢ ᠲᠠᠢ᠃

    ᠤᠷᠢᠳᠴᠢᠯᠡᠨ ᠲᠤᠭᠠᠴᠠᠭᠠᠯᠠᠬᠰᠠᠨ ᠢᠶᠡᠷ᠂ 11 ᠰᠠᠷ᠎ᠠ ᠶᠢᠨ 1 ᠤ ᠡᠳᠦᠷ ᠤᠨ 08᠄ 00 ᠴᠠᠭ ᠡᠴᠡ 11 ᠰᠠᠷ᠎ᠠ ᠶᠢᠨ 2 ᠤ᠋ᠨ ᠡᠳᠦᠷ ᠤᠨ 08᠄ 00 ᠴᠠᠭ ᠪᠤᠯᠲᠠᠯ᠎ᠠ᠂ ᠬᠠᠷᠠᠮᠦ᠋ᠷᠠᠨ ᠤ ᠪᠠᠷᠠᠭᠤᠨ ᠬᠤᠶᠢᠲᠤ ᠬᠡᠰᠡᠭ᠂ ᠥᠪᠦᠷ ᠮᠣᠩᠭ᠋ᠤᠯ ᠤᠨ ᠵᠡᠬᠦᠨ ᠬᠡᠰᠡᠭ ᠵᠡᠷᠬᠡ ᠪᠦᠰᠡ ᠨᠤᠲᠤᠭ ᠤᠨ ᠬᠡᠰᠡᠭ ᠭᠠᠵᠠᠷ ᠢᠶᠡᠷ ᠪᠠᠭ᠎ᠠ ᠴᠠᠰᠤ ᠪᠤᠶᠤ ᠴᠠᠰᠤ ᠪᠤᠷᠤᠭᠠᠨ ᠬᠤᠯᠢᠯᠳᠤᠨ ᠤᠷᠤᠵᠤ᠂ ᠵᠠᠷᠢᠮ ᠬᠡᠰᠡᠭ ᠲᠤ ᠨᠢ ᠳᠤᠮᠳᠠ ᠵᠡᠷᠭᠡ ᠶᠢᠨ ᠴᠠᠰᠤ ᠲᠠᠢ᠃ ᠶᠦᠨᠨᠠᠨ ᠤ ᠬᠤᠶᠢᠲᠤ ᠬᠡᠰᠡᠭ᠂ ᠰᠧᠴᠤᠧᠠᠨ ᠤ ᠳᠤᠮᠳᠠ ᠡᠮᠦᠨ᠎ᠠ ᠬᠡᠰᠡᠭ ᠵᠡᠷᠬᠡ ᠪᠦᠰᠡ ᠨᠤᠲᠤᠭ ᠤᠨ ᠵᠠᠷᠢᠮ ᠭᠠᠵᠠᠷ ᠢᠶᠡᠷ ᠪᠠᠭ᠎ᠠ ᠪᠤᠷᠤᠭᠠᠨ ᠤᠷᠤᠨ᠎ᠠ᠂ ᠵᠠᠷᠢᠮ ᠬᠡᠰᠡᠭ ᠲᠤ ᠨᠢ ᠳᠤᠮᠳᠠ ᠵᠡᠷᠭᠡ ᠶᠢᠨ ᠪᠤᠷᠤᠭᠠᠨ ᠲᠠᠢ᠃

    11 ᠰᠠᠷ᠎ᠠ ᠶᠢᠨ 2 ᠤᠨ ᠡᠳᠦᠷ ᠤᠨ 08᠄ 00 ᠴᠠᠭ ᠡᠴᠡ 11 ᠰᠠᠷ᠎ᠠ ᠶᠢᠨ 3 ᠤ ᠡᠳᠦᠷ ᠤᠨ 08᠄ 00 ᠴᠠᠭ ᠪᠤᠯᠲᠠᠯ᠎ᠠ᠂ ᠰᠧᠴᠤᠧᠠᠨ ᠤ ᠡᠮᠦᠨ᠎ᠠ ᠬᠡᠰᠡᠭ᠂ ᠶᠦᠨᠨᠠᠨ᠂ ᠲᠠᠶᠢᠧᠠᠨ᠂ ᠯᠢᠶᠤᠤᠨᠢᠩ ᠤᠨ ᠡᠮᠦᠨ᠎ᠠ ᠬᠡᠰᠡᠭ ᠵᠡᠷᠭᠡ ᠪᠦᠰᠡ ᠨᠤᠲᠤᠭ ᠢᠶᠡᠷ ᠪᠠᠭ᠎ᠠ ᠪᠤᠷᠤᠭᠠᠨ ᠤᠷᠤᠵᠤ᠂ ᠵᠠᠷᠢᠮ ᠬᠡᠰᠡᠭ ᠲᠤ ᠨᠢ ᠳᠤᠮᠳᠠ ᠵᠡᠷᠭᠡ ᠶᠢᠨ ᠪᠤᠷᠤᠭᠠᠨ ᠲᠠᠢ᠃ ᠥᠪᠦᠷ ᠮᠣᠩᠭ᠋ᠤᠯ ᠤᠨ ᠳᠤᠮᠳᠠ ᠬᠡᠰᠡᠭ᠂ ᠬᠠᠳᠤᠨ ᠭᠤᠤᠯ ᠬᠤᠧᠠᠢ ᠾᠧ ᠭᠤᠤᠯ ᠤᠨ ᠰᠠᠪᠠ ᠭᠠᠵᠠᠷ ᠤᠨ ᠵᠡᠬᠦᠨ ᠬᠡᠰᠡᠭ ᠵᠡᠷᠭᠡ ᠪᠦᠰᠡ ᠨᠤᠲᠤᠭ ᠲᠤ ᠬᠤᠶᠢᠨ᠎ᠠ ᠡᠴᠡ 4-6 ᠳᠡᠰ ᠤᠨ ᠰᠠᠯᠬᠢ ᠲᠠᠢ᠃ ᠡᠮᠦᠨᠡᠲᠤ ᠲᠠᠩᠬᠢᠰ ᠤᠨ ᠡᠮᠦᠨ᠎ᠠ ᠬᠡᠰᠡᠭ ᠲᠤ 6-8 ᠳᠡᠰ ᠢᠶᠡᠷ ᠰᠠᠯᠬᠢᠯᠠᠨ᠂ ᠵᠠᠷᠢᠮ  ᠳᠠᠭᠠᠨ 9-10 ᠳᠡᠰ ᠲᠤ ᠬᠦᠷᠦᠨ᠎ᠠ᠃ ᠡᠬᠦᠨ ᠳᠤ ᠬᠡᠰᠡᠭ ᠳᠠᠯᠠᠢ ᠶᠢᠨ ᠪᠦᠰᠡ ᠨᠤᠲᠤᠭ ᠤᠨ ᠰᠠᠯᠬᠢᠨ ᠤ ᠬᠦᠴᠤ 9-10 ᠳᠡᠰ ᠲᠤ ᠬᠦᠷᠴᠤ᠂ ᠲᠦᠷ ᠵᠠᠭᠤᠷ᠎ᠠ 11-12 ᠳᠡᠰ ᠢᠶᠡᠷ ᠰᠠᠯᠬᠢᠯᠠᠨ᠎ᠠ᠃

ᠢᠷᠡᠯᠳᠡ᠄ ᠳᠤᠮᠳᠠᠳᠤ ᠤᠯᠤᠰ ᠤᠨ ᠰᠣᠨᠢᠨ ᠮᠡᠳᠡᠭᠡᠨ ᠤ ᠨᠧᠲ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121889729