蒙古文网站Logo
ᠰᠢᠨᠬᠤᠸᠠ ᠮᠤᠩᠭ᠋ᠤᠯ ᠨᠧᠲ

ᠠᠩᠬᠠᠳᠠᠭᠴᠢ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠢᠮᠫᠤᠷᠲ᠋ᠯᠠᠭᠰᠠᠨ ᠶᠠᠭᠠᠷᠠᠮᠠᠭ ᠢᠷᠡᠬᠦ ᠵᠢᠯ ᠱᠠᠩᠬᠠᠢ ᠳᠤ ᠪᠤᠯᠤᠨ᠎ᠠ

2017-11-02 18:04

    ᠰᠢᠨᠬᠤᠧᠠ ᠨᠧᠲ   ᠪᠡᠭᠡᠵᠢᠩ ᠤᠨ 11 ᠰᠠᠷ᠎ᠠ ᠶᠢᠨ 2 ᠤᠨ ᠡᠳᠦᠷ ᠤᠨ ᠴᠠᠬᠢᠯᠭᠠᠨ ᠮᠡᠳᠡᠭᠡ   2 ᠤᠨ ᠡᠳᠦᠷ ᠤᠨ ᠦᠳᠡ ᠡᠴᠡ ᠡᠮᠦᠨ᠎ᠠ ᠶᠠᠪᠤᠭᠳᠠᠭᠰᠠᠨ ᠲᠦᠷᠦ ᠶᠢᠨ ᠶᠠᠪᠤᠳᠠᠯ ᠤᠨ ᠬᠤᠷᠢᠶᠠᠨ ᠤ ᠬᠡᠪᠯᠡᠯ ᠮᠡᠳᠡᠭᠡᠯᠡᠯ ᠤᠨ ᠬᠤᠷᠠᠯ ᠡᠴᠡ ᠤᠶᠢᠯᠠᠭᠠᠭᠰᠠᠨ ᠢᠶᠡᠷ᠂ ᠠᠩᠬᠠᠳᠠᠭᠴᠢ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠢᠮᠫᠤᠷᠲ᠋ᠯᠠᠭᠰᠠᠨ ᠶᠠᠭᠠᠷᠠᠮᠠᠭ 2018 ᠤᠨ ᠤ 11 ᠰᠠᠷ᠎ᠠ ᠶᠢᠨ 5 ᠤ ᠡᠳᠦᠷ ᠡᠴᠡ 11 ᠰᠠᠷ᠎ᠠ ᠶᠢᠨ 10 ᠤ ᠡᠳᠦᠷ ᠪᠤᠯᠲᠠᠯ᠎ᠠ ᠱᠠᠩᠬᠠᠢ ᠬᠤᠲᠠ ᠳᠤ ᠳᠤᠮᠳᠠᠳᠤ ᠶᠢᠨ ᠤᠯᠤᠰ ᠤᠨ ᠦᠵᠡᠰᠭᠦᠯᠡᠩ ᠬᠤᠳᠠᠯᠳᠤᠭᠠᠨ ᠤ ᠲᠦᠪ ᠲᠤ ᠵᠤᠬᠢᠶᠠᠨ ᠪᠠᠶᠢᠭᠤᠯᠤᠭᠳᠠᠨ᠎ᠠ᠃ ᠲᠤᠰ ᠶᠠᠭᠠᠷᠠᠮᠠᠭ ᠤᠨ ᠶᠡᠷᠦᠩᠬᠡᠢ ᠲᠠᠯᠠᠪᠠᠢ ᠨᠢ 24 ᠲᠦᠮᠡᠨ ᠺᠦᠸᠠᠳ᠋ ᠮᠸᠲ᠋ᠷ ᠢ ᠳᠠᠪᠠᠵᠤ᠂ ᠤᠯᠤᠰ ᠤᠨ ᠠᠷᠠᠯᠵᠢᠶᠠᠨ ᠤ ᠬᠦᠷᠦᠩᠭᠡ ᠤᠷᠤᠭᠤᠯᠤᠯᠲᠠ ᠶᠢᠨ ᠶᠡᠷᠦᠩᠬᠡᠶᠢᠯᠡᠭᠰᠡᠨ ᠦᠵᠡᠰᠭᠦᠯᠡᠩ ᠪᠤᠯᠤᠨ ᠠᠵᠤ ᠠᠬᠤᠶᠢᠯᠠᠯ ᠤᠨ ᠬᠤᠳᠠᠯᠳᠤᠭᠠᠨ ᠤ ᠦᠵᠡᠰᠭᠦᠯᠡᠩ ᠭᠡᠬᠦ ᠬᠤᠶᠠᠷ ᠬᠡᠰᠡᠭ ᠢᠶᠡᠷ ᠶᠠᠪᠤᠭᠳᠠᠬᠤ ᠶᠤᠮ ᠪᠠᠶᠢᠨ᠎ᠠ᠃

    ᠤᠯᠤᠰ ᠤᠨ ᠠᠷᠠᠯᠵᠢᠶᠠᠨ ᠤ ᠬᠦᠷᠦᠩᠭᠡ ᠤᠷᠤᠭᠤᠯᠤᠯᠲᠠ ᠶᠢᠨ ᠶᠡᠷᠦᠩᠬᠡᠶᠢᠯᠡᠭᠰᠡᠨ ᠦᠵᠡᠰᠭᠦᠯᠡᠩ ᠤᠨ ᠵᠤᠷᠢᠯᠭ᠎ᠠ ᠨᠢ ᠠᠳᠠᠯᠢ ᠪᠤᠰᠤ ᠬᠦᠭ᠍ᠵᠢᠯᠲᠠ ᠶᠢᠨ ᠱᠠᠲᠤᠨ ᠳ᠋ᠡᠬᠢ ᠤᠯᠤᠰ ᠤᠳ ᠲᠤ ᠮᠠᠨ ᠤ ᠤᠯᠤᠰ ᠤᠨ ᠶᠢᠡᠨ ᠨᠦᠯᠦᠭᠡᠯᠡᠬᠦ ᠬᠦᠴᠦᠨ ᠢ ᠥᠷᠭᠡᠳᠭᠡᠵᠤ᠂ ᠤᠯᠠᠨ ᠤᠯᠤᠰ ᠤᠨ ᠠᠷᠠᠯᠵᠢᠶᠠᠨ ᠤ ᠬᠠᠮᠲᠤ ᠶᠢᠨ ᠠᠵᠢᠯᠯᠠᠭᠠᠨ ᠳᠤ ᠨᠡᠭᠡᠭᠡᠯᠲᠡ ᠲᠠᠢ ᠪᠡᠷ ᠬᠠᠮᠲᠤᠷᠠᠨ ᠠᠵᠢᠯᠯᠠᠬᠤ ᠲᠠᠪᠴᠠᠩ ᠬᠠᠩᠭ᠋ᠠᠨ᠎ᠠ᠃ ᠲᠤᠰ ᠤᠳᠠᠭᠠᠨ ᠤ ᠶᠠᠭᠠᠷᠠᠮᠠᠭ ᠲᠤ ᠬᠠᠮᠢᠶ᠎ᠠ ᠪᠦᠬᠦᠢ ᠤᠯᠤᠰ ᠤᠳ ᠢ ᠵᠠᠯᠠᠵᠤ ᠠᠷᠠᠯᠵᠢᠶᠠᠨ ᠤ ᠬᠦᠷᠦᠩᠭᠡ ᠤᠷᠤᠭᠤᠯᠤᠯᠲᠠ ᠶᠢᠨ ᠰᠠᠯᠪᠤᠷᠢ ᠳ᠋ᠡᠬᠢ ᠵᠦᠢᠯᠡᠰ ᠢ ᠳᠡᠯᠭᠡᠨ ᠬᠠᠷᠠᠭᠤᠯᠤᠨ᠎ᠠ᠃ ᠡᠭᠦᠨ ᠳᠤ ᠪᠠᠷᠠᠭ᠎ᠠ ᠲᠠᠸᠠᠷ ᠤᠨ ᠠᠷᠠᠯᠵᠢᠶ᠎ᠠ᠂ ᠦᠢᠯᠡᠴᠢᠯᠡᠭᠡᠨ ᠤ ᠠᠷᠠᠯᠵᠢᠶ᠎ᠠ᠂ ᠠᠵᠤ ᠦᠢᠯᠡᠰ ᠤᠨ ᠪᠠᠶᠢᠳᠠᠯ᠂ ᠵᠢᠭᠤᠯᠴᠢᠯᠠᠯ ᠳᠤ ᠬᠦᠷᠦᠩᠭᠡ ᠤᠷᠤᠭᠤᠯᠬᠤ ᠵᠢᠴᠢ ᠡᠯ᠎ᠠ ᠤᠯᠤᠰ ᠤᠨ ᠤᠨᠴᠠᠯᠢᠭᠲᠤ ᠪᠦᠲᠦᠭᠡᠭ᠍ᠲᠡᠬᠦᠨ ᠪᠠᠭᠲᠠᠵᠤ ᠪᠤᠢ᠃

    ᠤᠶᠢᠯᠠᠭᠠᠭᠰᠠᠨ ᠢᠶᠡᠷ᠂ ᠠᠵᠤ ᠠᠬᠤᠶᠢᠯᠠᠯ ᠤᠨ ᠬᠤᠳᠠᠯᠳᠤᠭᠠᠨ ᠤ ᠦᠵᠡᠰᠭᠦᠯᠡᠩ ᠢ ᠪᠠᠷᠠᠭ᠎ᠠ ᠲᠠᠸᠠᠷ ᠤᠨ ᠠᠷᠠᠯᠵᠢᠶ᠎ᠠ ᠪᠤᠯᠤᠨ ᠦᠢᠯᠡᠴᠢᠯᠡᠭᠡᠨ ᠤ ᠠᠷᠠᠯᠵᠢᠶ᠎ᠠ ᠬᠡᠮᠡᠨ ᠬᠤᠶᠠᠷ ᠬᠡᠰᠡᠭ ᠬᠤᠪᠢᠶᠠᠨ ᠶᠠᠪᠤᠭᠳᠠᠭᠤᠯᠵᠤ ᠡᠯ᠎ᠠ ᠤᠯᠤᠰ ᠪᠤᠯᠤᠨ ᠪᠦᠰᠡ ᠨᠤᠲᠤᠭ ᠤᠨ ᠠᠵᠤ ᠠᠬᠤᠶᠢᠯᠠᠯ ᠢ ᠤᠷᠢᠵᠤ ᠦᠵᠡᠰᠭᠦᠯᠡᠩ ᠳᠤ ᠤᠷᠤᠯᠴᠠᠭᠤᠯᠤᠨ ᠬᠡᠯᠡᠯᠴᠡᠭᠡᠷ ᠪᠠᠶᠢᠭᠤᠯᠤᠨ᠎ᠠ᠃

ᠢᠷᠡᠯᠳᠡ᠄ ᠰᠢᠨᠬᠤᠸᠠ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121897296