蒙古文网站Logo
ᠰᠢᠨᠬᠤᠸᠠ ᠮᠤᠩᠭ᠋ᠤᠯ ᠨᠧᠲ

ᠴᠢᠶ᠊ᠢᠤ ᠴᠠᠶᠢᠶ᠊ᠢᠤ ᠶᠢᠨ ᠦᠨ᠎ᠠ 3 ᠤ ᠡᠳᠦᠷ ᠡᠴᠡ ᠡᠬᠢᠯᠡᠨ ᠦᠰᠦᠨ᠎ᠠ

2017-11-03 19:40

    ᠰᠢᠨᠬᠤᠸᠠ ᠬᠤᠷᠢᠶ᠎ᠠ   ᠪᠡᠭᠡᠵᠢᠩ ᠤᠨ 11 ᠰᠠᠷ᠎ᠠ ᠶᠢᠨ 2 ᠤᠨ ᠡᠳᠦᠷ ᠤᠨ ᠴᠠᠬᠢᠯᠭᠠᠨ ᠮᠡᠳᠡᠭᠡ(ᠰᠤᠷᠪᠤᠯᠵᠢᠯᠠᠭᠴᠢ ᠠᠨ ᠪᠸᠢ)ᠤᠯᠤᠰ ᠤᠨ ᠭᠦᠭ᠍ᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ 2 ᠤᠨ ᠡᠳᠦᠷ ᠢᠯᠡᠷᠬᠡᠶᠢᠯᠡᠭᠰᠡᠨ ᠢ ᠦᠨᠳᠦᠰᠦᠯᠡᠪᠡᠯ ᠂ ᠰᠡᠭᠦᠯ ᠤᠨ ᠦᠶ᠎ᠠ ᠳᠤ ᠤᠯᠠᠨ ᠤᠯᠤᠰ ᠤᠨ ᠵᠠᠬ᠎ᠠ ᠵᠡᠭᠡᠯᠢ ᠶᠢᠨ ᠲᠤᠰᠤᠨ ᠤ ᠦᠨ᠎ᠠ ᠶᠢᠨ ᠬᠤᠪᠢᠷᠠᠯᠲᠠ  ᠪᠠ ᠤᠳᠤ ᠶᠢᠨ ᠪᠤᠯᠪᠠᠰᠤᠷᠠᠭᠤᠯᠤᠭᠰᠠᠨ ᠲᠤᠰᠤᠨ ᠤ ᠦᠨ᠎ᠠ ᠶᠢᠨ ᠪᠦᠷᠢᠯᠳᠦᠬᠦ ᠲᠤᠭᠲᠠᠯᠴᠠᠭ᠎ᠠ ᠶᠢ ᠦᠨᠳᠦᠰᠦᠯᠡᠨ 2017 ᠤᠨ ᠤ 11 ᠰᠠᠷ᠎ᠠ ᠶᠢᠨ 2 ᠤᠨ ᠡᠳᠦᠷ ᠤᠨ 24 ᠴᠠᠭ ᠡᠴᠡ ᠡᠬᠢᠯᠡᠨ ᠤᠯᠤᠰ ᠤᠨ ᠲᠤᠳᠤᠭᠠᠲᠤ ᠶᠢᠨ ᠴᠢᠶ᠊ᠢᠤ ᠴᠠᠶᠢᠶ᠊ᠢᠤ ᠶᠢᠨ ᠦᠨ᠎ᠠ ᠲᠤᠨ ᠪᠦᠷᠢ ᠳᠤ ᠪᠡᠨ 150 ᠲᠦᠬᠦᠷᠢᠭ᠌ ᠦᠰᠬᠦ ᠶᠤᠮ ᠪᠠᠶᠢᠨ᠎ᠠ᠃

    ᠵᠠᠬ᠎ᠠ ᠵᠡᠭᠡᠯᠢ ᠶᠢᠨ ᠪᠦᠲᠦᠴᠡ ᠶᠢᠨ ᠲᠤᠭᠠᠴᠠᠭᠠᠯᠠᠭᠰᠠᠨ ᠢᠶᠡᠷ᠂ ᠲᠤᠰ ᠤᠳᠠᠭᠠᠨ ᠤ ᠦᠨ᠎ᠠ ᠶᠢᠨ ᠲᠤᠬᠢᠷᠠᠭᠤᠯᠤᠯᠲᠠ ᠳᠤ 92 ᠨᠤᠮᠸᠷᠲᠤ ᠴᠢᠶ᠊ᠢᠤ ᠨᠤᠭᠤᠯᠵᠤ ᠪᠤᠳᠤᠭᠠᠳ ᠯᠢᠲ᠋ᠷ ᠪᠦᠷᠢ ᠳᠤ ᠪᠡᠨ 0.11 ᠲᠦᠬᠦᠷᠢᠭ᠌ ᠦᠰᠴᠤ᠂ 0 ᠨᠤᠮᠸᠷᠲᠤ ᠴᠠᠶᠢᠶ᠊ᠢᠤ ᠯᠢᠲ᠋ᠷ  ᠪᠦᠷᠢ ᠳᠤ ᠪᠡᠨ 0.13 ᠲᠦᠬᠦᠷᠢᠭ᠌ ᠦᠰᠴᠠᠢ᠂ 50 ᠯᠢᠲ᠋ᠷ ᠤᠨ ᠪᠠᠭᠲᠠᠭᠠᠮᠵᠢ ᠲᠠᠢ ᠲᠤᠰᠤᠨ ᠤ ᠰᠠᠪᠠ ᠶᠢ ᠳᠦᠭᠦᠷᠭᠡᠬᠦ ᠳᠤ ᠢᠯᠡᠭᠦᠦ 6 ᠲᠦᠬᠦᠷᠢᠭ᠌ ᠵᠠᠷᠤᠴᠠᠭᠤᠯᠤᠨ᠎ᠠ᠃

    ᠡᠨᠡ ᠨᠢ ᠦᠨᠦ ᠵᠢᠯ ᠴᠢᠶ᠊ᠢᠤ ᠴᠠᠶᠢᠶ᠊ᠢᠤ ᠶᠢᠨ ᠦᠨ᠎ᠠ ᠶᠢ 9 ᠳ᠋ᠡᠬᠢ ᠤᠳᠠᠭ᠎ᠠ ᠦᠰᠭᠡᠵᠤ ᠪᠠᠶᠢᠭ᠎ᠠ ᠶᠤᠮ᠃ ᠤᠯᠤᠰ ᠤᠨ ᠭᠦᠭ᠍ᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠳᠤᠮᠳᠠᠳᠤ ᠤᠯᠤᠰ ᠤᠨ ᠭᠠᠵᠠᠷ ᠤᠨ ᠲᠤᠰᠤ ᠰᠢᠲᠠᠮᠠᠬᠠᠢ ᠬᠡᠢ ᠶᠢᠨ ᠪᠦᠯᠦᠭᠯᠡᠯ ᠺᠤᠮᠫᠠᠨᠢ᠂ ᠳᠤᠮᠳᠠᠳᠤ ᠤᠯᠤᠰ ᠤᠨ ᠭᠠᠵᠠᠷ ᠤᠨ ᠲᠤᠰᠤ ᠬᠢᠮᠢ ᠶᠢᠨ ᠦᠢᠯᠡᠳᠪᠦᠷᠢ ᠶᠢᠨ ᠪᠦᠯᠦᠭᠯᠡᠯ ᠺᠤᠮᠫᠠᠨᠢ ᠪᠤᠯᠤᠨ ᠳᠤᠮᠳᠠᠳᠤ ᠤᠯᠤᠰ ᠤᠨ ᠳᠠᠯᠠᠢ ᠲᠠᠩᠭᠢᠰ ᠤᠨ ᠭᠠᠵᠠᠷ ᠤᠨ ᠲᠤᠰᠤᠨ ᠤ ᠶᠡᠷᠦᠩᠬᠡᠢ ᠺᠤᠮᠫᠨᠢ ᠵᠡᠷᠭᠡ ᠭᠤᠷᠪᠠᠨ ᠲᠤᠮᠤ ᠺᠤᠮᠫᠠᠨᠢ ᠪᠤᠯᠪᠠᠰᠤᠷᠠᠭᠤᠯᠤᠭᠰᠠᠨ ᠲᠤᠰᠤ ᠦᠢᠯᠡᠳᠪᠦᠷᠢᠯᠡᠬᠦ ᠪᠤᠯᠤᠨ ᠵᠦᠭᠡᠭᠡᠪᠦᠷᠢᠯᠡᠬᠦ ᠠᠵᠢᠯᠯᠠᠭ᠎ᠠ ᠶᠢ ᠰᠠᠶᠢᠲᠤᠷ ᠵᠤᠬᠢᠶᠠᠨ ᠪᠠᠶᠢᠭᠤᠯᠵᠤ᠂ ᠵᠠᠬ᠎ᠠ ᠵᠡᠭᠡᠯᠢ ᠶᠢᠨ ᠲᠤᠭᠲᠠᠭᠤᠨ ᠬᠠᠩᠭ᠋ᠠᠯᠭ᠎ᠠ ᠶᠢ ᠪᠠᠲᠤᠯᠠᠨ᠂ ᠤᠯᠤᠰ ᠤᠨ ᠦᠨ᠎ᠠ ᠬᠠᠩᠰᠢ ᠶᠢᠨ ᠲᠦᠷᠦ ᠶᠢᠨ ᠪᠤᠳᠤᠯᠭ᠎ᠠ ᠶᠢ ᠴᠢᠩᠭ᠋᠎ᠠ ᠬᠡᠷᠡᠭᠵᠢᠭᠦᠯᠬᠦ ᠬᠡᠷᠡᠭᠲᠠᠢ᠃ ᠡᠯ᠎ᠠ ᠵᠡᠷᠭᠡᠯᠡᠯ ᠤᠨ ᠦᠨ᠎ᠠ ᠶᠢᠨ ᠬᠠᠮᠢᠶᠠᠷᠤᠯᠲᠠ ᠶᠢᠨ ᠰᠠᠯᠠᠭ᠎ᠠ ᠮᠦᠴᠢᠷ ᠡᠴᠡ ᠵᠠᠬ᠎ᠠ ᠵᠡᠭᠡᠯᠢ ᠶᠢᠨ ᠬᠢᠨᠠᠨ ᠪᠠᠶᠢᠴᠠᠭᠠᠬᠤ ᠬᠦᠴᠦᠯᠡᠴᠡ ᠪᠡᠨ ᠴᠢᠩᠭ᠋ᠠᠳᠬᠠᠵᠤ᠂ ᠤᠯᠤᠰ ᠤᠨ ᠦᠨ᠎ᠠ ᠬᠠᠩᠰᠢ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠦᠭᠡᠢ ᠪᠠᠶᠢᠭ᠎ᠠ ᠠᠵᠢᠯᠯᠠᠭ᠎ᠠ  ᠳᠤ ᠬᠦᠨᠳᠤ ᠴᠤᠬᠢᠯᠲᠠ ᠦᠭᠴᠤ᠂ ᠵᠡᠬ᠎ᠠ ᠵᠡᠭᠡᠯᠢ ᠶᠢᠨ ᠬᠡᠪ ᠤᠨ ᠡᠮᠬᠢ ᠲᠢᠭ᠍ᠯᠢᠮ ᠢ ᠪᠠᠲᠤᠯᠠᠬᠤ ᠬᠡᠷᠡᠭᠲᠡᠢ᠃ ᠬᠡᠷᠡᠭᠯᠡᠭᠴᠢᠳ 12358 ᠳ᠋ᠤᠭᠠᠷ ᠢᠶᠡᠷ ᠦᠨ᠎ᠠ ᠬᠠᠩᠰᠢ ᠶᠢᠨ ᠬᠠᠮᠢᠶᠠᠷᠤᠯᠲᠠ ᠶᠢᠨ ᠲᠠᠪᠴᠠᠩ ᠳᠤ ᠬᠤᠯᠪᠤᠭᠳᠠᠵᠤ ᠦᠨ᠎ᠠ ᠬᠠᠩᠰᠢ ᠶᠢᠨ ᠬᠠᠤᠯᠢ ᠡᠴᠡ ᠵᠦᠷᠢᠴᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠭᠦᠯᠵᠤ ᠪᠤᠯᠤᠨ᠎ᠠ ᠭᠡᠵᠠᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121902925