蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠳᠤ ᠬᠦᠢᠲᠡᠨ ᠤᠷᠤᠰᠬᠠᠯ ᠳᠠᠬᠢᠨᠲᠠ ᠢᠯᠡᠷᠡᠨ᠎ᠠ

2017-11-03 19:38

    ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠴᠠᠭ ᠠᠭᠤᠷ ᠤᠨ ᠲᠤᠪᠴᠢᠶ᠎ᠠ ᠡᠴᠡ ᠤᠶᠢᠯᠠᠭᠠᠭᠰᠠᠨ ᠢᠶᠡᠷ᠂ 11 ᠰᠠᠷ᠎ᠠ ᠶᠢᠨ 2 ᠤᠨ ᠡᠳᠦᠷ ᠡᠴᠡ ᠡᠬᠢᠯᠡᠨ ᠬᠦᠢᠲᠡᠨ ᠤᠷᠤᠰᠬᠠᠯ ᠦᠪᠦᠷ ᠮᠣᠩᠭᠣᠯ ᠢ ᠳᠠᠬᠢᠨᠲᠠ ᠳᠠᠭᠠᠷᠢᠵᠤ᠂ ᠶᠡᠬᠡᠩᠭᠢ ᠪᠦᠰᠡ ᠨᠤᠲᠤᠭ ᠤᠨ ᠠᠭᠠᠷ ᠤᠨ ᠳᠤᠯᠠᠭᠠᠨ 4 ᠡᠴᠡ 6 ᠭᠷᠠᠳ᠋ᠦ᠋ᠰ ᠪᠠᠭᠤᠷᠠᠨ᠎ᠠ᠂ ᠬᠡᠰᠡᠭ ᠪᠦᠰᠡ ᠨᠤᠲᠤᠭ ᠤᠨ ᠠᠭᠠᠷ ᠤᠨ ᠳᠤᠯᠠᠭᠠᠨ 8 ᠭᠷᠠᠳ᠋ᠦ᠋ᠰ ᠤᠷᠴᠢᠮ ᠪᠠᠭᠤᠷᠠᠵᠤ᠂ ᠵᠠᠷᠢᠮ ᠪᠦᠰᠡ ᠨᠤᠲᠤᠭ ᠲᠤ ᠪᠠᠭ᠎ᠠ ᠪᠤᠷᠤᠭᠠᠨ ᠴᠠᠰᠤ ᠬᠤᠯᠢᠯᠳᠤᠨ ᠤᠷᠤᠬᠤ ᠪᠤᠶᠤ ᠴᠠᠰᠤ ᠤᠷᠤᠵᠤ 4 ᠡᠴᠡ 5 ᠳᠡᠰ ᠤᠨ ᠰᠠᠯᠬᠢ ᠰᠠᠯᠬᠢᠯᠠᠨ᠎ᠠ᠃

    ᠦᠪᠦᠷ ᠮᠣᠩᠭᠣᠯ ᠤᠨ ᠴᠠᠭ ᠠᠭᠤᠷ ᠤᠨ ᠲᠤᠪᠴᠢᠶ᠎ᠠ ᠶᠢᠨ ᠬᠢᠨᠡᠨ ᠬᠡᠮᠵᠢᠯᠲᠠ ᠳᠤ ᠢᠯᠡᠷᠡᠭᠰᠡᠨ ᠢᠶᠡᠷ᠂ 11 ᠰᠠᠷ᠎ᠠ ᠶᠢᠨ 1 ᠤ ᠡᠳᠦᠷ ᠤᠨ 8᠄00 ᠴᠠᠭ ᠡᠴᠡ 2 ᠤᠨ ᠡᠳᠦᠷ ᠤᠨ 8᠄00 ᠴᠠᠭ ᠪᠤᠯᠲᠠᠯ᠎ᠠ᠂ ᠤᠷᠤᠨ ᠳᠠᠶᠠᠭᠠᠷ ᠤᠨ ᠤᠯᠤᠰ ᠤᠨ ᠴᠠᠭ ᠠᠭᠤᠷ ᠤᠨ 119 ᠦᠷᠲᠡᠭᠡᠨ ᠤ 3 ᠦᠷᠲᠡᠭᠡ ᠴᠠᠰᠤ ᠤᠷᠤᠬᠤ ᠶᠢ ᠬᠡᠮᠵᠢᠨ ᠭᠠᠷᠭᠠᠵᠤ᠂ 4 ᠦᠷᠲᠡᠭᠡ ᠬᠤᠷ᠎ᠠ ᠲᠤᠨᠳᠠᠰᠤ ᠪᠠᠭᠤᠬᠤ ᠶᠢ ᠬᠡᠮᠵᠢᠨ ᠭᠠᠷᠭᠠᠭᠰᠠᠨ ᠪᠠᠶᠢᠨ᠎ᠠ᠃ ᠡᠭᠦᠨ ᠳᠤ᠂ ᠬᠦᠯᠦᠨ ᠪᠤᠶᠢᠷ ᠬᠤᠲᠠ ᠶᠢᠨ ᠤᠷᠴᠤᠨ ᠤ ᠦᠪᠡᠷᠲᠡᠭᠡᠨ ᠵᠠᠰᠠᠬᠤ ᠬᠤᠰᠢᠭᠤᠨ ᠳᠤ ᠳᠤᠮᠳᠠ ᠵᠡᠷᠭᠡ ᠶᠢᠨ ᠴᠠᠰᠤ ᠤᠷᠤᠨ᠎ᠠ᠃ 11 ᠰᠠᠷ᠎ᠠ ᠶᠢᠨ 2 ᠤᠨ ᠡᠳᠦᠷ᠂ ᠤᠯᠠᠭᠠᠨᠬᠠᠲᠠ ᠶᠢᠨ ᠡᠮᠦᠨ᠎ᠠ ᠪᠦᠰᠡ᠂ ᠲᠦ᠋ᠩᠯᠢᠶᠤᠤ ᠬᠤᠲᠠ ᠶᠢᠨ ᠡᠮᠦᠨ᠎ᠠ ᠪᠦᠰᠡ᠂ ᠬᠦᠯᠦᠨ ᠪᠤᠶᠢᠷ ᠬᠤᠲᠠ ᠶᠢᠨ ᠵᠡᠭᠦᠨ ᠪᠦᠰᠡ ᠪᠡᠷ ᠡᠭᠦᠯᠡᠰᠢᠵᠤ᠂ ᠪᠠᠭ᠎ᠠ ᠪᠤᠷᠤᠭᠠᠨ ᠴᠠᠰᠤ ᠬᠤᠯᠢᠯᠳᠤᠨ ᠤᠷᠤᠬᠤ ᠪᠤᠶᠤ ᠴᠠᠰᠤ ᠤᠷᠤᠨ᠎ᠠ᠂ ᠪᠤᠰᠤᠳ ᠪᠦᠰᠡ ᠨᠤᠲᠤᠭ ᠢᠶᠡᠷ ᠲᠤᠩᠭ᠋ᠠᠯᠠᠭ ᠬᠡᠰᠡᠭ ᠲᠤ ᠪᠡᠨ ᠡᠭᠦᠯᠠ ᠲᠠᠢ᠃ 3 ᠤ ᠡᠳᠦᠷ᠂ ᠵᠡᠭᠦᠨ ᠬᠤᠶᠢᠲᠤ ᠪᠦᠰᠡ ᠨᠤᠲᠤᠭ ᠲᠤᠩᠭ᠋ᠠᠯᠠᠭ ᠬᠡᠰᠡᠭ ᠲᠤ ᠪᠡᠨ ᠡᠭᠦᠯᠡᠰᠢᠨ᠎ᠡ᠂ ᠵᠡᠭᠦᠨ ᠡᠮᠦᠨ᠎ᠠ ᠪᠦᠰᠡ ᠨᠤᠲᠤᠭ ᠤᠨ ᠠᠭᠠᠷ ᠤᠨ ᠳᠤᠯᠠᠭᠠᠨ ᠦᠷᠭᠦᠯᠵᠢᠯᠡᠨ ᠪᠠᠭᠤᠷᠠᠨ᠎ᠠ᠃ ᠰᠡᠭᠦᠯ ᠤᠨ ᠦᠶ᠎ᠠ ᠳᠤ ᠦᠪᠦᠷ ᠮᠣᠩᠭᠣᠯ ᠳᠤ ᠬᠦᠢᠲᠡᠨ ᠤᠷᠤᠰᠬᠠᠯ ᠤᠯᠠᠨᠲᠠᠢ᠂ ᠴᠠᠬ ᠠᠭᠠᠷ ᠤᠨ ᠬᠤᠪᠢᠷᠠᠯᠲᠠ ᠶᠡᠬᠡ᠃ ᠴᠠᠭ ᠠᠭᠠᠷ ᠤᠨ ᠲᠤᠰᠬᠠᠢ ᠮᠡᠷᠭᠡᠵᠢᠯᠲᠠᠳ ᠡᠴᠡ ᠭᠠᠳᠠᠭᠰᠢ ᠭᠠᠷᠬᠤ ᠳᠤ ᠪᠡᠨ ᠳᠤᠯᠠᠭᠠᠯᠠᠭ᠎ᠠ  ᠪᠡᠨ ᠰᠠᠶᠢᠲᠤᠷ ᠬᠢᠬᠦ ᠶᠢ ᠰᠠᠨᠠᠭᠤᠯᠵᠤ ᠪᠠᠶᠢᠨ᠎ᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121902934