蒙古文网站Logo
ᠰᠢᠨᠬᠤᠸᠠ ᠮᠤᠩᠭ᠋ᠤᠯ ᠨᠧᠲ

ᠳᠦᠷᠪᠡᠳᠦᠭᠡᠷ ᠬᠤᠭᠤᠴᠠᠭᠠᠨ ᠤ ᠳᠡᠯᠡᠬᠡᠢ ᠶᠢᠨ ᠢᠨᠲ᠋ᠸᠷᠨ᠋ᠸᠲ ᠤᠨ ᠶᠡᠬᠡ ᠬᠤᠷᠠᠯ 12 ᠰᠠᠷ᠎ᠠ ᠶᠢᠨ 3 ᠤ ᠡᠳᠦᠷ ᠡᠬᠢᠯᠡᠨ᠎ᠠ

2017-11-06 12:05

    ᠰᠢᠨᠬᠤᠸᠠ ᠬᠤᠷᠢᠶ᠎ᠠ   ᠪᠡᠭᠡᠵᠢᠩ ᠤᠨ 11 ᠰᠠᠷ ᠠ ᠶᠢᠨ 5 ᠤ ᠡᠳᠦᠷ ᠤᠨ ᠴᠠᠬᠢᠯᠭᠠᠨ ᠮᠡᠳᠡᠭᠡ   ᠳᠦᠷᠪᠡᠳᠦᠭᠡᠷ ᠬᠤᠭᠤᠴᠠᠭᠠᠨ ᠤ ᠳᠡᠯᠡᠬᠡᠢ ᠶᠢᠨ ᠢᠨᠲ᠋ᠸᠷᠨ᠋ᠸᠲ ᠤᠨ ᠶᠡᠬᠡ ᠬᠤᠷᠠᠯ ᠤᠨ ᠵᠤᠬᠢᠶᠠᠨ ᠪᠠᠶᠢᠭᠤᠯᠬᠤ ᠺᠤᠮᠢᠰ ᠤᠨ 11 ᠰᠠᠷ᠎ᠠ ᠶᠢᠨ 5 ᠤ ᠡᠳᠦᠷ ᠠᠯᠪᠠᠨ ᠨᠸᠲ ᠲᠤ ᠪᠡᠨ ᠨᠡᠶᠢᠲᠡᠯᠡᠭᠰᠡᠨ ᠮᠡᠳᠡᠭᠡ ᠶᠢ ᠦᠨᠳᠦᠰᠦᠯᠡᠪᠡᠯ᠂ ᠳᠦᠷᠪᠡᠳᠦᠭᠡᠷ ᠬᠤᠭᠤᠴᠠᠭᠠᠨ ᠤ《ᠳᠡᠯᠡᠬᠡᠢ ᠶᠢᠨ ᠢᠨᠲ᠋ᠸᠷᠨ᠋ᠸᠲ ᠤᠨ ᠶᠡᠬᠡ ᠬᠤᠷᠠᠯ·ᠦᠵᠸᠠ ᠳᠡᠬᠢ ᠲᠡᠭᠡᠲᠤ ᠲᠦᠪᠰᠢᠨ ᠤ ᠠᠭᠤᠯᠵᠠᠯᠲᠠ》 12 ᠰᠠᠷ᠎ᠠ ᠶᠢᠨ 3 ᠡᠴᠡ 5 ᠤ ᠡᠳᠦᠷ ᠪᠤᠯᠲᠠᠯ᠎ᠠ ᠵᠸᠵᠢᠶᠠᠩ ᠮᠤᠵᠢ ᠶᠢᠨ ᠦᠵᠸᠨ ᠳᠤ ᠶᠠᠪᠤᠭᠳᠠᠬᠤ ᠪᠡᠷ ᠪᠤᠢ᠃

    ᠲᠤᠰ ᠤᠳᠠᠭᠠᠨ ᠤ ᠬᠤᠷᠠᠯ ᠨᠢ《ᠳ᠋ᠢᠵᠢᠲ᠋ᠠᠯ ᠡᠳ᠋ ᠤᠨ ᠵᠠᠰᠠᠭ ᠢ ᠬᠦᠭ᠍ᠵᠢᠭᠦᠯᠦᠨ ᠨᠡᠭᠡᠭᠡᠯᠲᠡ ᠲᠠᠢ ᠬᠠᠮᠳᠤ ᠪᠡᠷ ᠡᠳ᠋ᠯᠡᠬᠦ ᠶᠢ ᠠᠬᠢᠭᠤᠯᠵᠤ - ᠰᠦᠯᠵᠢᠶᠠᠨ ᠤ ᠤᠷᠤᠨ ᠵᠠᠢ ᠳᠡᠬᠢ ᠬᠦᠢ ᠨᠢᠭᠡᠳᠦᠯ ᠢ ᠬᠠᠮᠲᠤᠷᠠᠨ ᠵᠤᠬᠢᠶᠠᠨ ᠪᠠᠶᠢᠭᠤᠯᠬᠤ》 ᠪᠡᠷ ᠭᠤᠤᠯ ᠰᠡᠳᠦᠪ ᠢᠶᠡᠨ ᠪᠤᠯᠭᠠᠵᠤ᠂ ᠳᠡᠯᠡᠬᠡᠢ ᠳᠠᠶᠠᠭᠠᠷ ᠤᠨ ᠬᠡᠪᠴᠢᠶᠠᠨ ᠳᠤ ᠵᠠᠰᠠᠭ ᠤᠨ ᠤᠷᠳᠤᠨ᠂ ᠤᠯᠠᠨ ᠤᠯᠤᠰ ᠤᠨ ᠵᠤᠬᠢᠶᠠᠨ ᠪᠠᠶᠢᠭᠤᠯᠤᠯᠲᠠ᠂ ᠠᠵᠤ ᠠᠬᠤᠶᠢᠯᠠᠯ᠂ ᠮᠡᠷᠭᠡᠵᠢᠯ ᠤᠨ ᠨᠡᠶᠢᠭᠡᠮᠯᠢᠭ᠌ ᠪᠤᠯᠤᠨ ᠢᠷᠭᠡᠳ ᠤᠨ ᠳᠤᠮᠳᠠᠬᠢ ᠪᠠᠭ ᠤᠨ ᠢᠨᠲ᠋ᠸᠷᠨ᠋ᠸᠲ ᠤᠨ ᠲᠤᠯᠭᠠᠭᠤᠷᠢᠯᠠᠭᠴᠢ ᠬᠦᠮᠦᠰ ᠢ ᠤᠷᠢᠨ ᠵᠠᠯᠠᠵᠤ ᠳ᠋ᠢᠵᠢᠲ᠋ᠠᠯ ᠡᠳ᠋ ᠤᠨ ᠵᠠᠰᠠᠭ᠂ ᠲᠡᠷᠢᠭᠦᠨ ᠤ ᠮᠡᠷᠭᠡᠵᠢᠯ᠂ ᠢᠨᠲ᠋ᠸᠷᠨ᠋ᠸᠲ ᠪᠤᠯᠤᠨ ᠨᠡᠶᠢᠭᠡᠮ᠂ ᠰᠦᠯᠵᠢᠶᠠᠨ ᠤ ᠤᠷᠤᠨ ᠵᠠᠢ ᠶᠢ ᠵᠤᠬᠢᠴᠠᠭᠤᠯᠬᠤ ᠬᠢᠭᠡᠳ ᠰᠤᠯᠢᠯᠴᠠᠭ᠎ᠠ᠂ ᠬᠠᠮᠲᠤᠷᠠᠨ ᠠᠵᠢᠯᠯᠠᠬᠤ ᠲᠤᠭᠤᠷᠢᠨ ᠳᠤ ᠶᠠᠷᠢᠯᠴᠠᠭ᠎ᠠ ᠶᠠᠪᠤᠭᠳᠠᠭᠤᠯᠬᠤ ᠶᠤᠮ ᠪᠠᠶᠢᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121911833