蒙古文网站Logo
ᠰᠢᠨᠬᠤᠸᠠ ᠮᠤᠩᠭ᠋ᠤᠯ ᠨᠧᠲ

ᠸᠠᠨ ᠳ᠋ᠠ ᠲᠠᠯᠠᠪᠠᠢ ᠶᠢᠨ ᠵᠡᠭᠦᠨ ᠭᠤᠳᠤᠮᠵᠢᠨ ᠤ ᠮᠠᠰᠢᠨ ᠤ ᠵᠤᠭᠰᠤᠭᠠᠯ ᠳᠠᠷᠠᠭ᠎ᠠ ᠭᠠᠷᠠᠭ ᠡᠴᠡ ᠡᠬᠢᠯᠡᠨ ᠠᠰᠢᠭᠯᠠᠯᠲᠠ ᠳᠤ ᠤᠷᠤᠨ᠎ᠠ

2017-11-10 18:16

    11 ᠰᠠᠷ᠎ᠠ ᠶᠢᠨ 9 ᠤ ᠡᠳᠦᠷ᠂ ᠰᠤᠷᠪᠤᠯᠵᠢᠯᠠᠭᠴᠢ ᠬᠦᠬᠡᠬᠤᠲᠠ ᠶᠢᠨ ᠴᠧᠩ ᠬᠤᠸᠠᠨ ᠤᠷᠴᠢᠨ ᠲᠤᠭᠤᠷᠢᠨ ᠢ ᠬᠠᠮᠠᠭᠠᠯᠠᠬᠤ ᠠᠵᠤ ᠦᠢᠯᠡᠰ ᠤᠨ ᠬᠦᠭ᠍ᠵᠢᠯᠲᠠ ᠶᠢᠨ ᠬᠢᠵᠠᠭᠠᠷᠲᠤ ᠺᠤᠮᠫᠠᠨᠢ ᠡᠴᠡ ᠤᠶᠢᠯᠠᠭᠠᠭᠰᠠᠨ ᠢᠶᠡᠷ᠂ ᠤᠳᠤᠬᠠᠨ ᠳᠤ ᠸᠠᠨ ᠳ᠋ᠠ ᠲᠠᠯᠠᠪᠠᠢ ᠶᠢᠨ ᠵᠡᠭᠦᠨ ᠭᠤᠳᠤᠮᠵᠢᠨ ᠤ ᠮᠠᠰᠢᠨ ᠤ ᠵᠤᠭᠰᠤᠭᠠᠯ ᠤᠨ ᠬᠡᠷᠡᠰᠭᠡ ᠬᠠᠰᠢᠯᠭ᠎ᠠ ᠶᠢ ᠨᠢᠭᠡᠨᠲᠡ ᠤᠭᠰᠠᠷᠠᠪᠠ᠂ ᠤᠷᠢᠳᠴᠢᠯᠠᠨ ᠲᠤᠭᠠᠴᠠᠭᠠᠯᠠᠭᠰᠠᠨ ᠢᠶᠡᠷ ᠂ 11 ᠰᠠᠷ᠎ᠠ ᠶᠢᠨ 9᠂ 10 ᠤ ᠡᠳᠦᠷ ᠵᠠᠮ ᠤᠨ ᠭᠠᠳᠠᠷᠭᠤ ᠳᠤ ᠵᠢᠷᠤᠭᠠᠰᠤ ᠵᠢᠷᠤᠵᠤ᠂ ᠲᠤᠨᠤᠭ ᠲᠦᠬᠦᠭᠡᠷᠦᠮᠵᠢ ᠬᠦᠷᠴᠤ ᠢᠷᠡᠮᠡᠭᠴᠡ ᠳᠠᠷᠤᠶᠢᠬᠠᠨ ᠤᠭᠰᠠᠷᠠᠭᠠᠳ ᠢᠷᠡᠬᠦ ᠭᠠᠷᠠᠭ ᠲᠤ ᠠᠰᠢᠭᠯᠠᠯᠲᠠ ᠳᠤ ᠤᠷᠤᠭᠤᠯᠬᠤ ᠪᠡᠷ ᠲᠦᠯᠦᠪᠯᠡᠵᠤ ᠪᠤᠢ᠃

    《ᠪᠠᠶᠢᠴᠠᠭᠠᠯᠲᠠ ᠶᠢ ᠦᠨᠳᠦᠰᠦᠯᠡᠪᠡᠯ᠂ ᠸᠠᠨ ᠳ᠋ᠠ ᠲᠠᠯᠠᠪᠠᠢ ᠶᠢᠨ ᠤᠶᠢᠷ᠎ᠠ ᠬᠠᠪᠢ ᠶᠢᠨ ᠮᠠᠰᠢᠨ ᠤ ᠵᠤᠭᠰᠤᠭᠠᠯ ᠬᠦᠷᠦᠯᠴᠡᠬᠡ ᠮᠠᠭᠤᠳᠠᠢ᠂ ᠮᠠᠰᠢᠨ ᠢᠶᠡᠨ ᠵᠠᠮ ᠡᠵᠡᠯᠡᠨ ᠵᠤᠭᠰᠤᠭᠠᠬᠤ᠂ ᠳᠦᠷᠢᠮ ᠢ ᠵᠦᠷᠢᠴᠡᠨ ᠵᠤᠬᠰᠤᠭᠠᠬᠤ ᠵᠡᠷᠭᠡ ᠦᠵᠡᠭᠳᠡᠯ ᠠᠷᠪᠢᠨ᠂ ᠬᠡᠳᠦᠶᠢᠪᠡᠷ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠡᠴᠡ ᠵᠠᠮ ᠤᠨ ᠬᠤᠶᠠᠷ ᠬᠠᠵᠠᠭᠤ ᠳᠤ ᠲᠦᠯᠦᠪᠦᠷᠢ ᠦᠭᠡᠢ ᠲᠡᠷᠭᠡ ᠵᠤᠭᠰᠤᠭᠠᠬᠤ ᠪᠠᠶᠢᠷᠢ ᠬᠠᠩᠭ᠋ᠠᠭᠰᠠᠨ ᠴᠤ ᠬᠦᠷᠦᠯᠴᠡᠬᠦ ᠦᠭᠡᠢ ᠪᠠᠶᠢᠯ᠎ᠠ᠃ ᠮᠠᠰᠢᠨ ᠤ ᠰᠢᠨ᠎ᠡ ᠵᠤᠭᠰᠤᠭᠠᠯ ᠤᠳᠠᠬᠤ ᠦᠭᠡᠢ ᠠᠰᠢᠭᠯᠠᠯᠲᠠ ᠳᠤ ᠤᠷᠤᠨ᠎ᠠ᠂ ᠳᠡᠭᠡᠪᠡᠯ ᠤᠶᠢᠷ᠎ᠠ ᠬᠠᠪᠢ ᠶᠢᠨ ᠬᠤᠲᠠ ᠶᠢᠨ ᠢᠷᠭᠡᠳ ᠲᠤ 700 ᠮᠠᠰᠢᠨ ᠤ ᠵᠤᠭᠰᠤᠭᠠᠯ ᠬᠠᠩᠭ᠋ᠠᠵᠤ ᠴᠢᠳᠠᠨ᠎ᠠ》ᠬᠡᠮᠡᠨ ᠬᠦᠬᠡᠬᠤᠲᠠ ᠶᠢᠨ ᠴᠧᠩ ᠬᠤᠸᠠᠨ ᠤᠷᠴᠢᠨ ᠲᠤᠭᠤᠷᠢᠨ ᠢ ᠬᠠᠮᠠᠭᠠᠯᠠᠬᠤ ᠠᠵᠤ ᠦᠢᠯᠡᠰ ᠤᠨ ᠬᠦᠭ᠍ᠵᠢᠯᠲᠠ ᠶᠢᠨ ᠬᠢᠵᠠᠭᠠᠷᠲᠤ ᠺᠤᠮᠫᠠᠨᠢ ᠶᠢᠨ ᠠᠵᠢᠯᠲᠠᠨ ᠲᠠᠨᠢᠯᠴᠠᠭᠤᠯᠤᠯ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠬᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121937002