蒙古文网站Logo
ᠰᠢᠨᠬᠤᠸᠠ ᠮᠤᠩᠭ᠋ᠤᠯ ᠨᠧᠲ

ᠢᠷᠡᠬᠦ ᠬᠤᠶᠠᠷ ᠡᠳᠦᠷ ᠤᠷᠤᠨ ᠳᠠᠶᠠᠭᠠᠷ ᠤᠨ ᠠᠭᠠᠷ ᠤᠨ ᠳᠤᠯᠠᠭᠠᠨ ᠳᠤᠷᠤᠬᠰᠢᠯᠠᠨ᠎ᠠ

2017-11-10 18:17

    ᠦᠪᠦᠷ ᠮᠣᠩᠭᠣᠯ ᠤᠨ ᠴᠠᠭ ᠠᠭᠤᠷ ᠤᠨ ᠲᠤᠪᠴᠢᠶᠠᠨ ᠤ ᠤᠷᠢᠳᠴᠢᠯᠠᠨ ᠲᠤᠭᠠᠴᠠᠭᠠᠯᠠᠭᠰᠠᠨ ᠢᠶᠡᠷ᠂ ᠬᠦᠢᠲᠡᠨ ᠤᠷᠤᠰᠬᠠᠯ ᠤᠨ ᠨᠦᠯᠦᠭᠡ ᠪᠡᠷ 9 ᠤ ᠡᠳᠦᠷ ᠡᠴᠡ ᠡᠬᠢᠯᠡᠨ ᠢᠷᠡᠬᠦ ᠬᠤᠶᠠᠷ ᠬᠤᠨᠤᠭ ᠦᠪᠦᠷ ᠮᠣᠩᠭᠣᠯ ᠤᠨ ᠳᠤᠮᠳᠠ ᠵᠡᠭᠦᠨ ᠪᠦᠰᠨ ᠳᠤ ᠪᠤᠷᠤᠭᠠᠨ ᠴᠠᠰᠤ ᠬᠤᠯᠢᠯᠳᠤᠨ ᠤᠷᠤᠵᠤ ᠬᠡᠰᠡᠭ ᠪᠦᠰᠡ ᠨᠤᠲᠤᠭ ᠢᠶᠡᠷ ᠶᠡᠬᠡ ᠴᠠᠰᠤ ᠤᠷᠤᠨ᠎ᠠ᠃ ᠳᠤᠮᠳᠠ ᠪᠠᠷᠭᠠᠤᠨ ᠪᠦᠰᠨ ᠳᠤ ᠪᠠᠷᠠᠭᠤᠨ ᠡᠴᠡ 4-5 ᠳᠡᠰ ᠤᠨ ᠰᠠᠯᠬᠢ ᠰᠡᠯᠬᠢᠯᠠᠵᠤ ᠬᠡᠰᠡᠭ ᠲᠤ ᠪᠡᠨ 6 ᠳᠡᠰ ᠬᠦᠷᠦᠨ᠎ᠠ᠃ ᠪᠠᠷᠠᠭᠤᠨ ᠪᠦᠰᠡ ᠶᠢᠨ ᠬᠤᠶᠢᠭᠤᠷᠬᠢ ᠪᠦᠰᠡ ᠨᠤᠲᠤᠭ ᠲᠤ ᠲᠤᠭᠤᠰᠤ ᠲᠡᠭᠳᠡᠬᠦ ᠪᠤᠶᠤ ᠡᠯᠡᠰᠤᠨ ᠰᠢᠭᠤᠷᠭᠠᠲᠤ ᠴᠠᠭ ᠠᠭᠠᠷ ᠢᠯᠡᠷᠡᠨ᠎ᠠ᠃ ᠤᠷᠤᠨ ᠳᠠᠶᠠᠭᠠᠷ ᠤᠨ ᠠᠭᠠᠷ ᠤᠨ ᠳᠤᠯᠠᠭᠠᠨ 6-10 ᠭᠷᠠᠳ᠋ᠦ᠋ᠰ ᠪᠠᠭᠤᠷᠠᠵᠤ᠂ ᠵᠡᠭᠦᠨ ᠬᠡᠰᠡᠭ ᠤᠨ ᠵᠠᠷᠢᠮ ᠪᠦᠰᠡ ᠨᠤᠲᠤᠭ ᠤᠨ ᠠᠭᠠᠷ ᠤᠨ ᠳᠤᠯᠠᠭᠠᠨ 10 ᠭᠷᠠᠳ᠋ᠦ᠋ᠰ  ᠡᠴᠡ ᠢᠯᠡᠭᠦᠦ ᠪᠠᠭᠤᠷᠠᠬᠤ ᠶᠤᠮ ᠪᠠᠶᠢᠨ᠎ᠠ᠃

    9 ᠤ᠋ ᠡᠳᠦᠷ ᠡᠴᠡ ᠡᠬᠢᠯᠡᠨ ᠤᠷᠤᠨ ᠳᠠᠶᠠᠭᠠᠷ ᠤᠨ ᠠᠭᠠᠷ ᠤᠨ ᠳᠤᠯᠠᠭᠠᠨ ᠪᠠᠷᠠᠭᠤᠨ ᠡᠴᠡ ᠵᠡᠭᠦᠨᠰᠢ 6-10 ᠭᠷᠠᠳ᠋ᠦ᠋ᠰ ᠪᠠᠭᠤᠷᠠᠵᠤ᠂ ᠵᠡᠭᠦᠨ ᠬᠡᠰᠡᠭ ᠤᠨ ᠵᠠᠷᠢᠮ ᠪᠦᠰᠡ ᠨᠤᠲᠤᠭ ᠤᠨ ᠠᠭᠠᠷ ᠤᠨ ᠳᠤᠯᠠᠭᠠᠨ 10 ᠭᠷᠠᠳ᠋ᠦ᠋ᠰ  ᠡᠴᠡ ᠢᠯᠡᠭᠦᠦ ᠪᠠᠭᠤᠷᠠᠬᠤ ᠶᠤᠮ ᠪᠠᠶᠢᠨ᠎ᠠ᠃ ᠪᠤᠭᠤᠲᠤ ᠬᠤᠲᠠ ᠶᠢᠨ ᠬᠤᠶᠢᠲᠤ ᠬᠡᠰᠡᠭ᠂ ᠬᠦᠬᠡᠬᠤᠲᠠ ᠶᠢᠨ ᠬᠤᠶᠢᠲᠤ ᠬᠡᠰᠡᠭ᠂ ᠤᠯᠠᠭᠠᠨᠴᠠᠪ ᠬᠤᠲᠠ᠂ ᠰᠢᠯᠢ ᠶᠢᠨ ᠭᠤᠤᠯ ᠠᠶᠢᠮᠠᠭ᠂ ᠤᠯᠠᠭᠠᠨᠬᠠᠲᠠ ᠬᠤᠲᠠ᠂ ᠲᠦ᠋ᠩᠯᠢᠶᠤᠤ ᠬᠤᠲᠠ᠂ ᠬᠢᠩᠭ᠋ᠠᠨ ᠠᠶᠢᠮᠠᠭ ᠪᠤᠯᠤᠨ ᠬᠦᠯᠦᠨ ᠪᠤᠶᠢᠷ ᠬᠤᠲᠠ ᠳᠤ ᠡᠭᠦᠯᠡᠰᠢᠵᠤ᠂ ᠪᠤᠷᠤᠭᠠᠨ ᠴᠠᠰᠤ ᠬᠤᠯᠢᠯᠳᠤᠨ ᠤᠷᠤᠬᠤ ᠪᠤᠶᠤ ᠴᠠᠰᠤ ᠤᠷᠤᠨ᠎ᠠ᠃ ᠡᠭᠦᠨ ᠳᠤ᠂ ᠬᠢᠩᠭ᠋ᠠᠨ ᠠᠶᠢᠮᠠᠭ ᠤᠨ ᠬᠤᠶᠢᠲᠤ ᠬᠡᠰᠡᠭ᠂ ᠬᠦᠯᠦᠨ ᠪᠤᠶᠢᠷ ᠬᠤᠲᠠ ᠶᠢᠨ ᠳᠤᠮᠳᠠ ᠵᠡᠭᠦᠨ ᠪᠦᠰᠨ ᠳᠤ ᠳᠤᠮᠳᠠ ᠵᠡᠷᠭᠡ ᠶᠢᠨ ᠴᠠᠰᠤ ᠲᠠᠢ᠂ ᠬᠦᠯᠦᠨ ᠪᠤᠶᠢᠷ ᠬᠤᠲᠠ ᠶᠢᠨ ᠳᠤᠮᠳᠠ ᠪᠦᠰᠨ ᠳᠤ ᠶᠡᠬᠡ ᠴᠠᠰᠤ ᠲᠠᠢ᠂ ᠬᠡᠰᠡᠭ ᠪᠦᠰᠡ ᠨᠤᠲᠤᠭ ᠢᠶᠡᠷ ᠤᠨᠴᠠ ᠶᠡᠬᠡ ᠴᠠᠰᠤ ᠤᠷᠤᠨ᠎ᠠ᠃

ᠢᠷᠡᠯᠳᠡ᠄ ᠠᠷᠠᠳ ᠤᠨ ᠰᠦᠯᠵᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121937004