蒙古文网站Logo
ᠰᠢᠨᠬᠤᠸᠠ ᠮᠤᠩᠭ᠋ᠤᠯ ᠨᠧᠲ

ᠳᠤᠮᠳᠠᠳᠤ ᠤᠯᠤᠰ ᠤᠨ ᠤᠯᠠᠨ ᠤᠯᠤᠰ ᠤᠨ ᠠᠭᠠᠷ ᠠᠶᠠᠯᠠᠯ ᠤᠨ ᠬᠤᠪᠢᠴᠠᠭᠠᠲᠤ ᠺᠤᠮᠫᠠᠨᠢ ᠦᠪᠦᠷ ᠮᠣᠩᠭᠣᠯ ᠡᠴᠡ 40 ᠨᠢᠰᠭᠡᠭ᠍ᠴᠢ ᠰᠤᠷᠤᠭᠴᠢ ᠡᠯᠰᠡᠨ᠎ᠠ

2017-11-22 17:05

    ᠦᠪᠦᠷ ᠮᠣᠩᠭᠣᠯ ᠤᠨ ᠰᠤᠷᠭᠠᠨ ᠬᠦᠮᠦᠵᠢᠯ ᠰᠤᠷᠤᠭᠴᠢ ᠡᠯᠰᠡᠬᠦ ᠰᠢᠯᠭᠠᠯᠲᠠ ᠶᠢᠨ ᠲᠦᠪ ᠤᠨ ᠠᠯᠪᠠᠨ ᠤ ᠪᠦᠷᠬᠡ ᠳᠤ ᠪᠡᠨ ᠨᠡᠶᠢᠲᠡᠯᠡᠭᠰᠡᠨ ᠮᠡᠳᠡᠭᠡ ᠶᠢ ᠦᠨᠳᠦᠰᠦᠯᠡᠪᠡᠯ᠂ ᠳᠤᠮᠳᠠᠳᠤ ᠤᠯᠤᠰ ᠤᠨ ᠤᠯᠠᠨ ᠤᠯᠤᠰ ᠤᠨ ᠠᠭᠠᠷ ᠠᠶᠠᠯᠠᠯ ᠤᠨ ᠬᠤᠪᠢᠴᠠᠭᠠᠲᠤ ᠺᠤᠮᠫᠠᠨᠢ ᠶᠢᠨ 2018 ᠤᠨ ᠤ ᠨᠢᠰᠭᠡᠭ᠍ᠴᠢ ᠡᠯᠰᠡᠬᠦ ᠠᠵᠢᠯᠯᠠᠭ᠎ᠠ ᠡᠬᠢᠯᠡᠵᠤ᠂ ᠦᠪᠦᠷ ᠮᠣᠩᠭᠣᠯ ᠡᠴᠡ 40 ᠨᠢᠰᠭᠡᠭ᠍ᠴᠢ ᠰᠤᠷᠤᠭᠴᠢ ᠡᠯᠰᠡᠬᠦ ᠪᠡᠷ ᠵᠢᠱᠢᠵᠤ ᠪᠤᠢ᠂ ᠭᠤᠤᠯᠳᠠᠭᠤ 2018 ᠤᠨ ᠳᠤ ᠳᠡᠭᠦᠰᠬᠦ ᠦᠨᠳᠦᠷ ᠳᠤᠮᠳᠠᠳᠤ ᠶᠢᠨ ᠰᠤᠷᠤᠭᠴᠢ(ᠡᠷᠡᠭᠲᠠᠢ)ᠡᠴᠡ ᠡᠯᠰᠡᠬᠦ ᠶᠤᠮ ᠪᠠᠶᠢᠨ᠎ᠠ᠃

    ᠤᠶᠢᠯᠠᠭᠠᠭᠰᠠᠨ ᠢᠶᠡᠷ᠂ ᠳᠤᠮᠳᠠᠳᠤ ᠤᠯᠤᠰ ᠤᠨ ᠤᠯᠠᠨ ᠤᠯᠤᠰ ᠤᠨ ᠠᠭᠠᠷ ᠠᠶᠠᠯᠠᠯ ᠤᠨ ᠬᠤᠪᠢᠴᠠᠭᠠᠲᠤ ᠺᠤᠮᠫᠠᠨᠢ ᠨᠢᠰᠭᠡᠭ᠍ᠴᠢ ᠰᠤᠷᠤᠭᠴᠢ ᠡᠯᠰᠡᠬᠦ ᠳᠤ ᠪᠡᠨ《ᠨᠠᠶᠢᠳᠠᠨ ᠬᠦᠮᠦᠵᠢᠭᠦᠯᠬᠦ᠂ ᠤᠷᠢᠳᠴᠢᠯᠠᠨ ᠡᠯᠰᠡᠬᠦ᠂ ᠲᠤᠰᠠᠭᠠᠷ ᠵᠢᠷᠤᠭᠠᠰᠤᠯᠠᠬᠤ᠂ ᠬᠠᠨᠳᠤᠯᠭᠠᠲᠠᠢ ᠪᠡᠷ ᠰᠤᠷᠤᠭᠴᠢ ᠡᠯᠰᠡᠬᠦ᠂ ᠤᠶᠢᠷ᠎ᠠ ᠬᠠᠪᠢ ᠳ᠋ᠤᠨᠢ ᠬᠤᠪᠢᠶᠠᠷᠢᠯᠠᠬᠤ》ᠵᠠᠷᠴᠢᠮ ᠢ ᠪᠠᠷᠢᠮᠲᠠᠯᠠᠳᠠᠭ᠃ 2018 ᠤᠨ ᠳᠤ ᠳᠤᠮᠳᠠᠳᠤ ᠤᠯᠤᠰ ᠤᠨ ᠢᠷᠭᠡᠨ ᠤ ᠠᠭᠠᠷ ᠠᠶᠠᠯᠠᠯ ᠤᠨ ᠨᠢᠰᠭᠡᠭ᠍ᠴᠢ ᠶᠢᠨ ᠲᠡᠭᠡᠲᠤ ᠰᠤᠷᠭᠠᠭᠤᠯᠢ(ᠨᠢᠰᠭᠡᠭ᠍ᠴᠢ ᠶᠢᠨ ᠮᠡᠷᠭᠡᠵᠢᠯ ᠤᠨ ᠲᠤᠰᠬᠠᠢ ᠮᠡᠷᠭᠡᠵᠢᠯ) ᠪᠤᠯᠤᠨ ᠳᠤᠮᠳᠠᠳᠤ ᠤᠯᠤᠰ ᠤᠨ ᠠᠭᠠᠷ ᠠᠶᠠᠯᠠᠯ ᠤᠨ ᠶᠡᠬᠡ ᠰᠤᠷᠭᠠᠭᠤᠯᠢ(ᠨᠢᠰᠭᠡᠭ᠍ᠴᠢ ᠶᠢᠨ ᠮᠡᠷᠭᠡᠵᠢᠯ ᠤᠨ ᠲᠤᠰᠬᠠᠢ ᠮᠡᠷᠭᠡᠵᠢᠯ) ᠳ᠋ᠤ ᠨᠠᠶᠢᠳᠠᠨ ᠰᠤᠷᠤᠭᠴᠢ ᠬᠦᠮᠦᠵᠢᠭᠦᠯᠬᠦ ᠪᠡᠷ ᠪᠤᠢ᠃ ᠳᠤᠮᠳᠠᠳᠤ ᠤᠯᠤᠰ ᠤᠨ ᠢᠷᠭᠡᠨ ᠤ ᠠᠭᠠᠷ ᠠᠶᠠᠯᠠᠯ ᠤᠨ ᠨᠢᠰᠭᠡᠭ᠍ᠴᠢ ᠶᠢᠨ ᠲᠡᠭᠡᠲᠤ ᠰᠤᠷᠭᠠᠭᠤᠯᠢ 30(ᠪᠠᠶᠢᠭᠠᠯᠢ ᠨᠡᠶᠢᠭᠡᠮ ᠤᠨ ᠰᠢᠨᠵᠢᠯᠡᠬᠦ ᠤᠬᠠᠭᠠᠨ ᠢ ᠴᠦᠮ ᠪᠠᠭᠲᠠᠭᠠᠭᠠᠳ)ᠰᠤᠷᠤᠭᠴᠢ ᠡᠯᠰᠡᠬᠦ ᠪᠡᠷ ᠵᠢᠱᠢᠵᠤ᠂ ᠳᠤᠮᠳᠠᠳᠤ ᠤᠯᠤᠰ ᠤᠨ ᠠᠭᠠᠷ ᠠᠶᠠᠯᠠᠯ ᠤᠨ ᠶᠡᠬᠡ ᠰᠤᠷᠭᠠᠭᠤᠯᠢ 10(ᠪᠠᠶᠢᠭᠠᠯᠢ ᠨᠡᠶᠢᠭᠡᠮ ᠤᠨ ᠰᠢᠨᠵᠢᠯᠡᠬᠦ ᠤᠬᠠᠭᠠᠨ ᠢ ᠴᠥᠮ ᠪᠠᠭᠲᠠᠭᠠᠭᠠᠳ)ᠰᠤᠷᠤᠭᠴᠢ ᠡᠯᠰᠡᠬᠦ ᠪᠡᠷ ᠵᠢᠱᠢᠵᠤ ᠪᠠᠶᠢᠨ᠎ᠠ᠃

    ᠲᠠᠨᠢᠯᠴᠠᠭᠤᠯᠤᠭᠰᠠᠨ ᠢᠶᠡᠷ᠂ ᠲᠤᠰ ᠤᠳᠠᠭᠠᠨ ᠤ ᠡᠯᠰᠡᠯᠲᠠ ᠶᠢᠨ ᠠᠵᠢᠯᠯᠠᠭ᠎ᠠ ᠳᠤ ᠨᠡᠷ᠎ᠠ ᠪᠦᠷᠢᠳᠭᠡᠭᠦᠯᠬᠦ᠂ ᠨᠢᠭᠤᠷᠳᠡᠨ ᠰᠢᠯᠭᠠᠬᠤ᠂ ᠲᠤᠬᠠᠢ ᠶᠢᠨ ᠲᠠᠯᠠᠪᠤᠷ ᠲᠤ ᠨᠢ ᠬᠦᠷᠴᠤ ᠪᠡᠶᠡᠴᠢᠯᠡᠨ ᠮᠡᠳᠡᠷᠡᠬᠦ᠂ ᠠᠷᠤ ᠭᠡᠷ ᠤᠨ ᠬᠢᠨᠢ ᠪᠠᠶᠢᠳᠠᠯ ᠢ ᠤᠶᠢᠯᠠᠭᠠᠬᠤ ᠵᠡᠷᠭᠡ ᠭᠤᠭᠴᠤᠭ᠎ᠠ ᠪᠤᠢ᠃ ᠰᠢᠯᠭᠠᠭᠤᠯᠤᠭᠰᠠᠳ ᠪᠤᠯᠤᠨ ᠭᠡᠷ ᠤᠨ ᠠᠬᠠᠮᠠᠳ ᠠᠵᠢᠯᠯᠠᠬᠤ ᠴᠠᠬ ᠲᠤ ᠳᠤᠮᠳᠠᠳᠤ ᠤᠯᠤᠰ ᠤᠨ ᠤᠯᠠᠨ ᠤᠯᠤᠰ ᠤᠨ ᠠᠭᠠᠷ ᠠᠶᠠᠯᠠᠯ ᠤᠨ ᠬᠤᠪᠢᠴᠠᠭᠠᠲᠤ ᠺᠤᠮᠫᠠᠨᠢ ᠶᠢᠨ ᠦᠪᠦᠷ ᠮᠣᠩᠭᠣᠯ ᠡᠴᠡ ᠰᠤᠷᠤᠭᠴᠢ ᠡᠯᠰᠡᠬᠦ ᠯᠠᠪᠯᠠᠬᠤ ᠤᠲᠠᠰᠤ(0471-4186041) ᠪᠡᠷ ᠬᠠᠷᠢᠯᠴᠠᠵᠤ ᠨᠠᠷᠢᠨ ᠪᠠᠶᠢᠳᠠᠯ ᠢ ᠤᠶᠢᠯᠠᠭᠠᠭᠠᠷᠠᠢ᠃ (ᠰᠤᠷᠪᠤᠯᠵᠢᠯᠠᠭᠴᠢ ᡁᠢ ᠸᠸᠢ)

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121995529