蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ᠄ ᠴᠠᠭ ᠠᠭᠠᠷ ᠦᠷᠭᠦᠯᠵᠢᠯᠡᠨ ᠬᠦᠢᠲᠡᠷᠡᠨ᠎ᠡ

2017-11-24 16:59

    11 ᠰᠠᠷ᠎ᠠ ᠶᠢᠨ 23 ᠤ ᠡᠳᠦᠷ᠂ ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠴᠠᠭ ᠠᠭᠤᠷ ᠤᠨ ᠲᠤᠪᠴᠢᠶ᠎ᠠ ᠡᠴᠡ ᠤᠶᠢᠯᠠᠭᠠᠭᠰᠠᠨ ᠢᠶᠡᠷ᠂ ᠬᠦᠢᠲᠡᠨ ᠤᠷᠤᠰᠬᠠᠯ ᠤᠨ ᠨᠦᠯᠦᠭᠡ  ᠪᠡᠷ ᠦᠪᠦᠷ ᠮᠣᠩᠭᠣᠯ ᠤᠨ ᠠᠭᠠᠷ ᠤᠨ ᠳᠤᠯᠠᠭᠠᠨ ᠲᠦᠷᠭᠡᠨ ᠳᠤᠷᠤᠭᠰᠢᠯᠠᠵᠤ ᠬᠦᠢᠲᠡᠷᠡᠬᠦ ᠶᠤᠮ ᠪᠠᠶᠢᠨ ᠠ᠃

    11 ᠰᠠᠷ᠎ᠠ ᠶᠢᠨ 20 ᠤ ᠡᠳᠦᠷ ᠪᠤᠯᠬᠤ ᠳᠤ ᠤᠷᠤᠨ ᠳᠠᠶᠠᠭᠠᠷ ᠤᠨ 119 ᠤᠯᠤᠰ ᠤᠨ ᠵᠡᠷᠭᠡᠯᠡᠯ ᠤᠨ ᠴᠠᠭ ᠠᠭᠤᠷ ᠤᠨ ᠦᠷᠲᠡᠭᠡᠨ ᠳᠤ ᠡᠪᠤᠯ ᠤᠨ ᠤᠯᠠᠷᠢᠯ ᠨᠢᠭᠡᠨᠲᠡ ᠬᠦᠷᠴᠤ ᠢᠷᠡᠪᠡ᠃ ᠤᠳᠤᠬᠠᠨ ᠳᠤ ᠬᠦᠯᠦᠨ ᠪᠤᠶᠢᠷ ᠬᠤᠲᠠ᠂ ᠬᠢᠩᠭ᠋ᠠᠨ ᠠᠶᠢᠮᠠᠭ ᠤᠨ ᠪᠠᠷᠠᠭᠤᠨ ᠬᠤᠶᠢᠲᠤ ᠬᠡᠰᠡᠭ᠂ ᠰᠢᠯᠢ ᠶᠢᠨ ᠭᠤᠤᠯ ᠠᠶᠢᠮᠠᠭ ᠤᠨ ᠵᠠᠷᠢᠮ ᠪᠦᠰᠡ ᠨᠤᠲᠤᠭ ᠪᠤᠯᠤᠨ ᠤᠯᠠᠭᠠᠨᠬᠠᠲᠠ ᠶᠢᠨ ᠪᠠᠷᠠᠭᠤᠨ ᠬᠤᠶᠢᠲᠤ ᠬᠡᠰᠡᠭ ᠤᠨ ᠵᠠᠷᠢᠮ ᠪᠦᠰᠡ ᠨᠤᠲᠤᠭ ᠤᠨ 30.452 ᠲᠦᠮᠡᠨ ᠺᠦᠸᠠᠳ᠋ ᠺᠢᠯᠦᠮᠸᠲ᠋ᠷ ᠲᠠᠯᠠᠪᠠᠢ ᠳᠤ ᠴᠠᠰᠤ ᠤᠷᠤᠵᠤ᠂ ᠤᠷᠤᠨ ᠳᠠᠶᠠᠭᠠᠷ ᠤᠨ ᠶᠡᠷᠦᠩᠬᠡᠢ ᠲᠠᠯᠠᠪᠠᠢ ᠶᠢᠨ 25.7% ᠶᠢ ᠡᠵᠡᠯᠡᠪᠡ᠂ ᠬᠢᠩᠭ᠋ᠠᠨ ᠠᠶᠢᠮᠠᠭ ᠤᠨ ᠷᠠᠰᠢᠶᠠᠨ ᠬᠤᠲᠠ ᠳᠤ ᠴᠠᠰᠤᠨ  ᠤ ᠭᠦᠨ ᠤ ᠬᠡᠮᠵᠢᠶ᠎ᠠ ᠬᠠᠮᠤᠭ ᠤᠨ ᠵᠤᠵᠠᠭᠠᠨ ᠳᠤ ᠪᠡᠨ 21ᠰᠡᠨᠲ᠋ᠢᠮᠸᠲ᠋ᠷ ᠲᠤ ᠬᠦᠷᠦᠭᠰᠡᠨ ᠪᠠᠶᠢᠨ᠎ᠠ᠃ 23 ᠤ ᠡᠳᠦᠷ᠂ ᠵᠡᠭᠦᠨ ᠪᠦᠰᠡ ᠨᠤᠲᠤᠭ ᠤᠨ ᠠᠭᠠᠷ ᠤᠨ ᠳᠤᠯᠠᠭᠠᠨ ᠦᠷᠭᠦᠯᠵᠢᠯᠡᠨ ᠪᠠᠭᠤᠷᠠᠵᠤ᠂ ᠬᠢᠩᠭ᠋ᠠᠨ ᠠᠶᠢᠮᠠᠭ᠂ ᠰᠢᠯᠢᠩᠬᠤᠲᠠ ᠳᠤ ᠦᠳᠡ ᠡᠴᠡ ᠡᠮᠦᠨᠡᠬᠢ 8 ᠴᠠᠭ ᠲᠤ ᠠᠭᠠᠷ ᠤᠨ ᠳᠤᠯᠠᠭᠠᠨ ᠲᠡᠭ ᠡᠴᠡ ᠳᠤᠷᠤᠭᠰᠢ16.5 ᠭᠷᠠᠳ᠋ᠦ᠋ᠰ ᠲᠤ ᠬᠦᠷᠴᠤ ᠡᠪᠤᠯ ᠤᠨ ᠤᠯᠠᠷᠢᠯ ᠤᠨ ᠬᠠᠬᠢᠷ ᠬᠦᠢᠲᠡᠨ ᠴᠠᠭ ᠠᠭᠠᠷ ᠢ ᠮᠡᠳᠡᠷᠡᠭᠦᠯᠪᠡ᠃ ᠤᠷᠢᠳᠴᠢᠯᠠᠨ ᠲᠤᠭᠠᠴᠠᠭᠠᠯᠠᠭᠰᠠᠨ ᠢᠶᠡᠷ᠂ 24 ᠡᠴᠡ 25 ᠤ ᠡᠳᠦᠷ ᠪᠤᠯᠲᠠᠯ᠎ᠠ ᠰᠢᠯᠢ ᠶᠢᠨ ᠭᠤᠤᠯ ᠠᠶᠢᠮᠠᠭ ᠤᠨ ᠵᠡᠭᠦᠨ ᠬᠤᠶᠢᠲᠤ ᠬᠡᠰᠡᠭ᠂ ᠬᠢᠩᠭ᠋ᠠᠨ ᠠᠶᠢᠮᠠᠭ ᠤᠨ ᠪᠠᠷᠠᠭᠤᠨ ᠬᠤᠶᠢᠲᠤ ᠬᠡᠰᠡᠭ᠂ ᠬᠦᠯᠦᠨ ᠪᠤᠶᠢᠷ ᠬᠤᠲᠠ ᠶᠢᠨ ᠵᠡᠭᠦᠨ ᠬᠤᠶᠢᠳᠤ ᠬᠡᠰᠡᠭ᠌ ᠲᠤ ᠪᠠᠭ᠎ᠠ ᠴᠠᠰᠤ ᠲᠠᠢ᠂ ᠤᠷᠤᠨ ᠳᠠᠶᠠᠭᠠᠷ ᠤᠨ ᠶᠡᠬᠡᠩᠬᠢ ᠪᠦᠰᠡ ᠨᠤᠲᠤᠭ ᠤᠨ ᠰᠠᠯᠬᠢᠨ ᠤ ᠬᠦᠴᠤ ᠬᠠᠷᠢᠴᠠᠩᠭ᠋ᠤᠢ ᠶᠡᠬᠡ᠂ ᠬᠡᠰᠡᠭ ᠵᠠᠭᠤᠷ᠎ᠠ 6 ᠳᠡᠰ ᠲᠤ ᠬᠦᠷᠦᠨ᠎ᠠ᠃ (ᠱᠢ ᠰᠢᠶᠠᠩ ᠵᠢᠶᠦ᠋ᠨ)

ᠢᠷᠡᠯᠳᠡ᠄ ᠠᠷᠠᠳ ᠤᠨ ᠰᠦᠯᠵᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001122006811