蒙古文网站Logo
ᠰᠢᠨᠬᠤᠸᠠ ᠮᠤᠩᠭ᠋ᠤᠯ ᠨᠧᠲ

ᠢᠷᠡᠬᠦ ᠭᠠᠷᠠᠭ ᠡᠴᠡ ᠡᠬᠢᠯᠡᠨ ᠢᠷᠭᠡᠳ ᠪᠡᠭᠡᠵᠢᠩ ᠤᠨ ᠤᠯᠢᠮᠫᠢᠺ ᠴᠡᠴᠡᠷᠯᠢᠭ᠌᠌ ᠲᠤ ᠤᠷᠤᠬᠤ ᠳ᠋ᠠᠭᠠᠨ ᠦᠨᠠᠨ ᠨᠡᠷ᠎ᠠ ᠪᠡᠷ ᠶᠢᠡᠨ ᠪᠦᠷᠢᠳᠭᠡᠭᠦᠯᠦᠨ᠎ᠡ

2017-11-30 12:24

    ᠪᠡᠭᠡᠵᠢᠩ ᠤᠨ ᠵᠠᠯᠠᠭᠤᠴᠤᠳ ᠰᠣᠨᠢᠨ ᠤ ᠰᠤᠷᠪᠤᠯᠵᠢᠯᠠᠬᠴᠢ ᠪᠡᠭᠡᠵᠢᠩ ᠤᠨ ᠤᠯᠢᠮᠫᠢᠺ ᠴᠡᠴᠡᠷᠯᠢᠭ᠌᠌ ᠤᠨ ᠬᠠᠮᠢᠶᠠᠷᠤᠯᠲᠠ ᠶᠢᠨ ᠵᠦᠪᠯᠡᠯ ᠡᠴᠡ ᠤᠶᠢᠯᠠᠭᠠᠭᠰᠠᠨ ᠢᠶᠡᠷ᠂ ᠤᠯᠢᠮᠫᠢᠺ ᠴᠡᠴᠡᠷᠯᠢᠭ᠌᠌ ᠢ ᠠᠶᠤᠯᠬᠦᠢ ᠮᠦᠷᠲᠡᠬᠡᠨ ᠦᠨᠳᠦᠷ ᠦᠷ᠎ᠠ ᠠᠰᠢᠭ ᠲᠠᠢ ᠠᠵᠢᠯᠯᠠᠭᠤᠯᠵᠤ᠂ ᠵᠢᠭᠤᠯᠴᠢᠳ ᠤᠨ ᠬᠠᠨᠤᠮᠵᠢ ᠶᠢᠨ ᠬᠡᠮᠵᠢᠶ᠎ᠠ ᠶᠢ ᠳᠡᠭᠡᠭ᠍ᠰᠢᠯᠡᠬᠦᠯᠬᠦ ᠶᠢᠨ ᠲᠤᠰᠠᠲᠠ ᠤᠯᠢᠮᠫᠢᠺ ᠴᠡᠴᠡᠷᠯᠢᠭ᠌᠌ 12 ᠰᠠᠷ᠎ᠠ ᠶᠢᠨ 4 ᠤ ᠡᠳᠦᠷ ᠡᠴᠡ ᠡᠬᠢᠯᠡᠨ ᠦᠨᠠᠨ ᠨᠡᠷ᠎ᠠ ᠪᠡᠷ ᠶᠢᠡᠨ ᠴᠡᠴᠡᠷᠯᠢᠭ᠌᠌ ᠲᠤ ᠤᠷᠤᠬᠤ ᠶᠢ ᠲᠤᠷᠰᠢᠨ ᠬᠡᠷᠡᠭᠵᠢᠭᠦᠯᠦᠨ᠎ᠠ᠃ ᠵᠢᠭᠤᠯᠴᠢᠳ ᠪᠡᠶ᠎ᠠ ᠶᠢᠨ ᠦᠨᠡᠮᠯᠡᠬᠦ ᠪᠤᠶᠤ ᠭᠠᠷ ᠤᠳᠠᠰᠤᠨ ᠤ ᠬᠤᠶᠠᠷ ᠬᠡᠮᠵᠢᠯᠲᠤ ᠺᠤᠳ᠋ ᠢᠶᠡᠨ ᠰᠢᠷᠪᠢᠭᠦᠯᠦᠨ ᠴᠡᠴᠡᠷᠯᠢᠭ᠌᠌ ᠲᠤ ᠤᠷᠤᠵᠤ᠂ ᠪᠤᠰᠤᠳ ᠬᠦᠮᠦᠰ ᠲᠤᠬᠠᠢ ᠶᠢᠨ ᠲᠠᠯᠡᠪᠤᠷ ᠲᠤ ᠴᠡᠴᠡᠷᠯᠢᠭ᠌᠌ ᠲᠤ ᠤᠷᠤᠬᠤ ᠭᠠᠷᠳᠠᠮ ᠢᠶᠡᠨ ᠭᠦᠢᠴᠡᠳᠭᠡᠭᠡᠳ ᠴᠡᠴᠡᠷᠯᠢᠭ᠌᠌ ᠲᠤ ᠤᠷᠤᠨ᠎ᠠ᠃

    ᠤᠶᠢᠯᠠᠭᠠᠭᠰᠠᠨ ᠢᠶᠡᠷ᠂ 12 ᠰᠠᠷ᠎ᠠ ᠶᠢᠨ 4 ᠤ ᠡᠳᠦᠷ ᠡᠴᠡ ᠡᠬᠢᠯᠡᠨ᠂ ᠵᠢᠭᠤᠯᠴᠢᠳ ᠤᠯᠢᠮᠫᠢᠺ ᠴᠡᠴᠡᠷᠯᠢᠭ᠌᠌ ᠲᠤ ᠤᠷᠤᠬᠤ ᠳ᠋ᠠᠭᠠᠨ ᠭᠤᠷᠪᠠᠨ ᠵᠦᠢᠯ ᠤᠨ ᠠᠷᠭ᠎ᠠ ᠪᠡᠷ ᠦᠨᠠᠨ ᠨᠡᠷ᠎ᠠ ᠪᠡᠨ ᠪᠦᠷᠢᠳᠭᠡᠬᠦᠯᠤᠭᠡᠳ ᠳᠤᠷ᠎ᠠ ᠶᠢᠨ ᠨᠢᠬᠡ ᠡᠭᠦᠳᠡ ᠪᠡᠷ ᠤᠷᠤᠵᠤ ᠪᠤᠯᠤᠨ᠎ᠠ᠃ ᠨᠢᠬᠡᠳᠤᠬᠡᠷ ᠠᠷᠭ᠎ᠠ ᠨᠢ ᠪᠡᠶ᠎ᠠ ᠶᠢᠨ ᠦᠨᠡᠮᠯᠡᠬᠦ ᠪᠡᠨ ᠰᠢᠷᠪᠢᠭᠦᠯᠬᠦ; ᠬᠤᠶᠠᠳᠤᠭᠠᠷ ᠠᠷᠭ᠎ᠠ ᠪᠤᠯ ᠭᠠᠷ ᠤᠳᠠᠰᠤᠨ ᠤ ᠬᠤᠶᠠᠷ ᠬᠡᠮᠵᠢᠯᠳᠤ ᠺᠤᠳ᠋ ᠢᠶᠡᠨ ᠰᠢᠷᠪᠢᠭᠦᠯᠬᠦ; ᠭᠤᠷᠪᠠᠳᠤᠭᠠᠷ ᠠᠷᠭ᠎ᠠ ᠨᠢ ᠪᠤᠯ ᠴᠡᠴᠡᠷᠯᠢᠭ᠌᠌ ᠲᠤ ᠤᠷᠤᠬᠤ ᠰᠤᠷᠠᠭ ᠵᠠᠩᠬᠢ ᠪᠡᠨ ᠪᠦᠷᠢᠳᠭᠡᠬᠦᠯᠤᠨ᠎ᠠ᠃

ᠢᠷᠡᠯᠳᠡ᠄ ᠪᠡᠭᠡᠵᠢᠩ ᠤᠨ ᠵᠠᠯᠠᠭᠤᠴᠤᠳ ᠰᠣᠨᠢᠨ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122031734