蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠠᠷᠠᠳ ᠤᠨ ᠳᠤᠮᠳᠠᠬᠢ ᠤᠷᠠᠯᠢᠭ(ᠭᠠᠷ ᠤᠷᠠᠯᠠᠯ ᠤᠷᠠᠨ ᠵᠢᠷᠤᠭ) ᠤᠨ ᠮᠠᠰᠲ᠋ᠸᠷ ᠦᠨᠡᠯᠡᠨ ᠰᠢᠯᠭᠠᠷᠠᠭᠤᠯᠬᠤ ᠠᠵᠢᠯᠯᠠᠭ᠎ᠠ ᠡᠬᠢᠯᠡᠪᠡ

2017-11-30 12:35

    ᠰᠤᠷᠪᠤᠯᠵᠢᠯᠠᠭᠴᠢ ᠤᠶᠢᠯᠠᠭᠠᠭᠰᠠᠨ ᠢᠶᠡᠷ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠤᠷᠠᠯᠢᠭᠴᠢᠳ ᠤᠨ ᠨᠡᠶᠢᠭᠡᠮᠯᠢᠭ᠌ ᠡᠴᠡ ᠶᠠᠪᠤᠭᠳᠠᠭᠤᠯᠤᠭᠰᠠᠨ ᠦᠪᠦᠷ ᠮᠣᠩᠭᠣᠯ ᠤᠨ ᠠᠷᠠᠳ ᠤᠨ ᠳᠤᠮᠳᠠᠬᠢ ᠤᠷᠠᠯᠢᠭ(ᠭᠠᠷ ᠤᠷᠠᠯᠠᠯ ᠤᠷᠠᠨ ᠵᠢᠷᠤᠭ) ᠤᠨ ᠮᠠᠰᠲ᠋ᠸᠷ ᠦᠨᠡᠯᠡᠨ ᠰᠢᠯᠭᠠᠷᠠᠭᠤᠯᠬᠤ ᠠᠵᠢᠯᠯᠠᠭ᠎ᠠ ᠡᠬᠢᠯᠡᠪᠡ᠃

    ᠤᠶᠢᠯᠠᠭᠠᠭᠰᠠᠨ ᠢᠶᠡᠷ᠂ ᠲᠤᠰ ᠬᠤᠭᠤᠴᠠᠭᠠᠨ ᠤ ᠠᠷᠠᠳ ᠤᠨ ᠳᠤᠮᠳᠠᠬᠢ ᠤᠷᠠᠯᠢᠭ(ᠭᠠᠷ ᠤᠷᠠᠯᠠᠯ ᠤᠷᠠᠨ ᠵᠢᠷᠤᠭ) ᠤᠨ ᠮᠠᠰᠲ᠋ᠸᠷ ᠦᠨᠡᠯᠡᠨ ᠰᠢᠯᠭᠠᠷᠠᠭᠤᠯᠬᠤ ᠮᠡᠷᠭᠡᠵᠢᠯ ᠪᠤᠯᠤᠨ ᠮᠡᠳᠡᠭᠦᠯᠬᠦ ᠬᠦᠷᠢᠶ᠎ᠠ ᠴᠠᠷᠠᠭ᠎ᠠ ᠳᠤ ᠵᠠᠭᠤᠨ ᠵᠢᠯ ᠡᠴᠡ ᠳᠡᠭᠡᠭ᠍ᠰᠢᠬᠢ ᠤᠯᠠᠮᠵᠢᠯᠠᠯ ᠤᠨ ᠲᠡᠤᠬᠡ ᠲᠠᠢ᠂ ᠤᠷ ᠠ ᠮᠡᠷᠭᠡᠵᠢᠯ ᠨᠢ ᠨᠠᠷᠢᠯᠢᠬ ᠲᠡᠭᠦᠯᠳᠠᠷ᠂ ᠦᠶ᠎ᠠ ᠳᠠᠮᠵᠢᠨ ᠤᠯᠠᠮᠵᠢᠯᠡᠬᠰᠠᠨ᠂ ᠪᠠᠶᠢᠭᠠᠯᠢᠯᠢᠬ ᠲᠦᠭᠦᠬᠡᠢ ᠮᠠᠲ᠋ᠸᠷᠢᠶᠠᠯ ᠢᠶᠡᠷ ᠭᠤᠤᠯᠯᠠᠬᠰᠠᠨ᠂ ᠤᠯᠠᠮᠵᠢᠯᠠᠯᠲᠤ ᠭᠠᠷ ᠤᠷᠠᠯᠡᠯ ᠪᠠ ᠮᠡᠷᠭᠡᠵᠢᠯ ᠢ ᠠᠰᠢᠭᠯᠠᠭᠰᠠᠨ ᠪᠠᠶᠢᠬᠤ ᠬᠡᠷᠡᠭᠲᠡᠢ ᠪᠦᠭᠡᠳ ᠦᠨᠳᠦᠰᠦᠲᠡᠨ ᠤ ᠦᠪᠡᠷᠮᠢᠴᠡ ᠬᠡᠪ ᠮᠠᠶ᠊ᠢᠭ ᠬᠢᠭᠡᠳ ᠪᠦᠰᠡ ᠨᠤᠲᠤᠭ ᠤᠨ ᠤᠨᠴᠠᠯᠢᠭ ᠲᠠᠢ᠂ ᠲᠤᠳᠤᠭᠠᠲᠤ ᠭᠠᠳᠠᠭᠠᠲᠤ ᠳᠤ ᠠᠯᠳᠠᠷᠰᠢᠬᠰᠠᠨ ᠪᠠᠶᠢᠬᠤ ᠬᠡᠷᠡᠭᠲᠠᠢ᠃

    ᠰᠢᠯᠭᠠᠷᠠᠭᠤᠯᠤᠯᠲᠠ ᠳᠤ ᠪᠦᠷᠢᠳᠭᠡᠭᠦᠯᠦᠭᠰᠡᠳ ᠡᠷᠬᠡᠪᠰᠢ ᠤᠯᠠᠮᠵᠢᠯᠠᠯᠲᠤ ᠠᠷᠠᠳ ᠤᠨ ᠤᠷᠠᠯᠢᠭ ᠤᠨ ᠲᠦᠷᠦᠯ ᠤᠨ ᠬᠦᠷᠢᠶ᠎ᠠ ᠴᠠᠷᠠᠭᠠᠨ ᠳᠤ ᠠᠵᠢᠯ ᠠᠯᠪᠠ ᠲᠠᠢ ᠪᠠᠶᠢᠬᠤ ᠶᠢᠨ ᠬᠠᠮᠲᠤ ᠤᠯᠤᠰ ᠢᠶᠡᠨ ᠬᠠᠶᠢᠷᠠᠯᠠᠬᠤ᠂ ᠠᠵᠢᠯ ᠦᠢᠯᠡᠰᠴᠢ ᠵᠤᠷᠢᠭ ᠰᠠᠨᠠᠭ᠎ᠠ ᠲᠠᠢ ᠪᠠᠶᠢᠬᠤ᠂ ᠳᠦᠷᠢᠮ ᠲᠤᠭᠲᠠᠭᠠᠯ ᠬᠠᠤᠯᠢ ᠴᠠᠭᠠᠵᠠ ᠶᠢ ᠰᠠᠬᠢᠳᠠᠬ᠂ ᠮᠤᠷᠠᠯ ᠮᠡᠷᠭᠡᠵᠢᠯ ᠬᠤᠤᠰᠯᠠᠭᠰᠠᠨ᠂ ᠨᠦᠯᠦᠭᠡ ᠮᠠᠭᠤᠲᠠᠢ ᠢᠳᠡᠭᠡᠮᠵᠢ ᠶᠢᠨ ᠳᠠᠩᠰᠠ ᠳᠡᠮᠳᠡᠭᠯᠡᠯ ᠦᠭᠡᠢ᠂ ᠪᠠᠶᠠᠯᠢᠭ ᠡᠭᠦᠳᠦᠯᠲᠠ ᠶᠢᠨ ᠲᠤᠷᠰᠢᠯᠭ᠎ᠠ ᠪᠤᠯᠤᠨ ᠬᠦᠨ ᠵᠤᠵᠠᠭᠠᠨ ᠤᠯᠠᠮᠵᠢᠯᠠᠯᠲᠤ ᠰᠤᠶᠤᠯ ᠤᠷᠠᠯᠢᠭ ᠤᠨ ᠪᠤᠯᠪᠠᠰᠤᠷᠠᠯ ᠲᠠᠢ᠂ ᠤᠷ ᠠ ᠮᠡᠷᠭᠡᠰᠢᠯ ᠳᠡᠭᠡᠨ ᠴᠠᠭᠠᠷᠠᠬᠰᠠᠨ᠂ ᠢᠯᠡ ᠲᠤᠪᠤᠶᠢᠮ᠎ᠠ ᠦᠪᠡᠷᠮᠢᠴᠡ ᠬᠡᠪ ᠨᠡᠮᠪᠠ ᠪᠦᠬᠦᠢ ᠪᠦᠲᠦᠭᠡᠯ ᠲᠠᠢ᠂ ᠤᠷᠠᠯᠢᠭ ᠤᠨ ᠠᠮᠵᠢᠯᠲᠠ ᠪᠦᠲᠦᠮᠵᠢ ᠨᠢ ᠲᠤᠰ ᠮᠡᠷᠭᠡᠵᠢᠯ ᠤᠨ ᠬᠦᠷᠢᠶ ᠡ ᠴᠠᠷᠠᠭᠠᠨ ᠳᠤ ᠮᠡᠳᠡᠷᠡᠭᠳᠡᠭᠰᠡᠨ᠂ ᠤᠷᠤᠨ ᠤ ᠲᠤᠳᠤᠭᠠᠲᠤ ᠭᠠᠳᠠᠭᠠᠲᠤ ᠳᠤ ᠨᠡᠷ᠎ᠡ ᠨᠥᠯᠦᠭᠡ ᠲᠡᠢ ᠪᠠᠶᠢᠬᠤ᠂ ᠤᠯᠠᠮᠵᠢᠯᠠᠯᠲᠤ ᠭᠠᠷ ᠤᠷᠠᠯᠢᠭ ᠤᠷᠠᠨ ᠵᠢᠷᠤᠭ  ᠢ ᠤᠯᠠᠮᠵᠢᠯᠠᠬᠤ᠂ ᠢᠯᠡᠷᠡᠭᠦᠯᠬᠦ᠂ ᠬᠠᠮᠠᠭᠠᠯᠠᠬᠤ᠂ ᠬᠦᠭ᠍ᠵᠢᠬᠦᠯᠬᠦ ᠪᠤᠯᠤᠨ ᠴᠢᠳᠠᠪᠤᠷᠢᠲᠠᠨ ᠬᠦᠮᠦᠵᠢᠭᠦᠯᠬᠦ ᠵᠡᠷᠭᠡ ᠲᠠᠯ᠎ᠠ ᠳᠤ ᠳᠤᠪᠤᠶᠢᠮ᠎ᠠ ᠬᠤᠪᠢ ᠨᠡᠮᠡᠷᠢ ᠦᠵᠡᠭᠦᠯᠦᠭᠰᠡᠳ ᠪᠠᠶᠢᠬᠤ ᠬᠡᠷᠡᠭᠲᠠᠢ᠃

    ᠪᠦᠷᠢᠳᠭᠡᠭᠦᠯᠬᠦ ᠠᠵᠢᠯ 2018 ᠤᠨ ᠤ 5 ᠰᠠᠷ᠎ᠠ ᠶᠢᠨ 30 ᠤ ᠡᠳᠦᠷ ᠳᠠᠭᠤᠰᠤᠨ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122035816