蒙古文网站Logo
ᠰᠢᠨᠬᠤᠸᠠ ᠮᠤᠩᠭ᠋ᠤᠯ ᠨᠧᠲ

ᠬᠦᠬᠡᠬᠤᠲᠠ ᠶᠢᠨ ᠦᠨᠳᠦᠰᠦᠲᠡᠨ  ᠤ ᠤᠷᠠᠨ ᠵᠢᠷᠤᠭ ᠤᠨ ᠤᠷᠳᠤᠨ ᠰᠠᠶᠢᠨ ᠲᠤᠷᠠᠲᠠᠳ ᠡᠯᠰᠡᠵᠤ ᠡᠬᠢᠯᠡᠪᠡ

2017-12-01 16:35

    ᠬᠦᠬᠡᠬᠤᠲᠠ ᠶᠢᠨ ᠦᠨᠳᠦᠰᠦᠲᠡᠨ  ᠤ ᠤᠷᠠᠨ ᠵᠢᠷᠤᠭ ᠤᠨ ᠤᠷᠳᠤᠨ ᠰᠠᠶᠢᠨ ᠲᠤᠷᠠᠲᠠᠳ ᠡᠯᠰᠡᠵᠤ ᠡᠬᠢᠯᠡᠯ᠎ᠠ᠂ ᠰᠠᠶᠢᠨ ᠲᠤᠷ᠎ᠠ ᠶᠢᠨ ᠦᠢᠯᠡᠴᠢᠯᠡᠭᠡ ᠳᠤ ᠤᠷᠤᠯᠴᠠᠬᠤ ᠳᠤᠷᠠᠲᠠᠢ ᠬᠦᠮᠦᠰ ᠨᠡᠷ᠎ᠠ ᠪᠡᠨ ᠪᠦᠷᠢᠳᠭᠡᠭᠦᠯᠵᠤ ᠪᠤᠯᠤᠨ᠎ᠠ᠃

    ᠬᠡᠷᠪᠡ ᠲᠠ ᠤᠳᠬ᠎ᠠ ᠤᠷᠠᠯᠢᠭ ᠲᠤ ᠬᠠᠶᠢᠷ᠎ᠠ ᠰᠡᠳᠭᠢᠯᠭᠡ ᠲᠠᠢ ᠪᠦᠭᠡᠳ ᠨᠡᠩ ᠤᠯᠠᠨ ᠬᠦᠮᠦᠰ ᠲᠤ ᠳᠤᠰᠠᠯᠠᠨ ᠬᠤᠪᠢᠷᠠᠭᠤᠯᠵᠤ ᠳᠡᠭᠡᠭ᠍ᠰᠢᠯᠡᠭᠦᠯᠬᠦ ᠶᠢ ᠬᠦᠰᠡᠳᠡᠭ ᠪᠤᠯ᠂ ᠮᠦᠨ 10 ᠡᠴᠡ 70 ᠨᠠᠰᠤᠨ ᠤ ᠬᠤᠭᠤᠷᠤᠨᠲᠤ ᠪᠠᠶᠢᠭ᠎ᠠ ᠪᠤᠯ ᠴᠦᠮ ᠤᠷᠠᠨ ᠵᠢᠷᠤᠭ ᠤᠨ ᠤᠷᠳᠤᠨ ᠤ ᠰᠠᠶᠢᠨ ᠳᠤᠷᠠᠲᠠᠳ ᠪᠤᠯᠵᠤ ᠪᠤᠯᠤᠨ᠎ᠠ᠃ ᠲᠠ ᠦᠪᠡᠷ ᠤᠨ ᠲᠤᠰᠬᠠᠢ ᠮᠡᠷᠭᠡᠵᠢᠯ᠂ ᠴᠢᠳᠠᠪᠤᠷᠢ ᠪᠤᠯᠤᠨ ᠪᠠᠬ᠎ᠠ ᠰᠤᠨᠢᠷᠬᠠᠯ ᠢᠶᠡᠨ ᠦᠨᠳᠦᠰᠦᠯᠡᠨ ᠦᠵᠡᠭᠴᠢᠳ ᠢ ᠳᠠᠭᠠᠭᠤᠯᠤᠨ ᠰᠤᠨᠢᠷᠬᠠᠭᠤᠯᠵᠤ ᠲᠠᠨᠢᠯᠴᠠᠭᠤᠯᠬᠤ᠂ ᠤᠷᠳᠤᠨ ᠤ ᠬᠠᠮᠢᠶ᠎ᠠ ᠪᠦᠬᠦᠢ ᠵᠡᠷᠯᠡᠯ ᠮᠡᠳᠡᠭᠳᠡᠯ ᠪᠤᠶᠤ ᠨᠢᠭᠤᠷ ᠬᠠᠭᠤᠳᠠᠰᠤ ᠲᠦᠰᠦᠪᠯᠡᠬᠦ ᠳᠤ ᠤᠷᠤᠯᠴᠠᠬᠤ᠂ ᠤᠷᠳᠤᠨ ᠤ ᠲᠤᠳᠤᠭᠠᠳᠤᠬᠢ ᠠᠵᠢᠯᠯᠠᠭ᠎ᠠ ᠳᠤ ᠤᠷᠤᠯᠴᠠᠬᠤ ᠵᠡᠷᠭᠡ ᠬᠠᠷᠠᠭᠠᠯᠵᠠᠭᠰᠠᠨ ᠠᠵᠢᠯ ᠢᠶᠡᠨ ᠰᠤᠩᠭ᠋ᠤᠵᠤ ᠪᠤᠯᠤᠨ᠎ᠠ᠃ ᠤᠷᠠᠨ ᠵᠢᠷᠤᠭ ᠤᠨ ᠤᠷᠳᠤᠨ ᠤ ᠰᠠᠶᠢᠨ ᠲᠤᠷᠠᠳᠠᠨ ᠪᠤᠯᠪᠠᠯ ᠤᠷᠳᠤᠨ ᠤ ᠳᠤᠲᠤᠷᠠᠬᠢ ᠦᠵᠡᠰᠭᠦᠯᠡᠩ ᠢ ᠤᠷᠢᠳᠠᠵᠤ ᠰᠤᠨᠢᠷᠬᠠᠬᠤ ᠪᠡᠷ ᠪᠠᠷᠠᠬᠤ ᠦᠭᠡᠢ ᠤᠯᠤᠰ ᠤᠨ ᠲᠤᠳᠤᠭᠠᠲᠤ ᠪᠤᠯᠤᠨ ᠤᠯᠠᠨ ᠤᠯᠤᠰ ᠤᠨ ᠲᠤᠰᠬᠠᠢ ᠮᠡᠷᠭᠡᠵᠢᠯ ᠤᠨ ᠡᠷᠳᠡᠮᠲᠡᠳ᠂ ᠤᠷᠠᠯᠢᠭᠴᠢᠳ ᠪᠤᠯᠤᠨ ᠤᠷᠠᠨ ᠵᠢᠷᠤᠭ ᠤᠨ ᠤᠷᠳᠤᠨ ᠤ ᠬᠦᠷᠢᠶᠡᠨ ᠳ᠋ᠡᠬᠢ ᠮᠡᠷᠭᠡᠵᠢᠯ ᠤᠨ ᠬᠦᠮᠦᠰ ᠲᠠᠢ ᠠᠭᠤᠯᠵᠠᠬᠤ ᠪᠤᠯᠤᠮᠵᠢ ᠲᠠᠢ᠂ ᠡᠭᠦᠨ ᠤ ᠵᠡᠷᠬᠡᠴᠡᠬᠡ ᠤᠯᠠᠨᠳᠠ ᠪᠤᠯᠪᠠᠰᠤᠷᠠᠯ ᠳᠤ ᠤᠷᠤᠯᠴᠠᠬᠤ ᠲᠤᠬᠢᠶᠠᠯ ᠲᠠᠢ ᠪᠦᠭᠡᠳ ᠶᠠᠷᠢᠵᠤ ᠢᠯᠡᠳᠭᠡᠬᠦ ᠴᠢᠳᠠᠪᠤᠷᠢ ᠪᠤᠶᠤ ᠬᠠᠮᠢᠶ ᠠ ᠪᠦᠬᠦᠢ ᠴᠢᠳᠠᠪᠤᠷᠢ ᠪᠡᠨ ᠳᠡᠭᠡᠭ᠍ᠰᠢᠯᠡᠭᠦᠯᠵᠤ ᠴᠢᠳᠠᠨ᠎ᠠ᠃ ᠨᠢᠭᠡ ᠵᠢᠯ ᠤᠨ ᠬᠤᠭᠤᠴᠠᠭᠠᠨ ᠳᠤ ᠤᠷᠠᠨ ᠵᠢᠷᠤᠭ ᠤᠨ ᠤᠷᠳᠤᠨ ᠳᠤ ᠦᠢᠯᠡᠴᠢᠯᠡᠭᠰᠡᠨ ᠬᠤᠭᠤᠴᠠᠭ᠎ᠠ ᠨᠢ 64 ᠴᠠᠭ ᠢ ᠬᠡᠳᠦᠷᠡᠭᠰᠡᠭᠡᠷ ᠬᠢᠨᠠᠨ ᠰᠢᠯᠭᠠᠯᠲᠠ ᠶᠢ ᠦᠩᠭᠡᠷᠡᠵᠤ ᠰᠢᠯᠢᠳᠡᠭ ᠰᠠᠶᠢᠨ ᠳᠤᠷᠠᠳᠠᠳ ᠤᠨ ᠰᠢᠯᠭᠠᠷᠠᠭᠤᠯᠤᠯᠲᠠ ᠳᠤ ᠤᠷᠤᠯᠴᠠᠬᠤ ᠡᠷᠬᠡ ᠲᠠᠢ ᠪᠤᠯᠬᠤ ᠶᠤᠮ ᠪᠠᠶᠢᠨ᠎ᠠ᠃ ᠨᠡᠷ᠎ᠠ ᠪᠡᠨ ᠪᠦᠷᠢᠳᠭᠡᠭᠦᠯᠬᠦ ᠰᠠᠨᠠᠭᠠᠲᠠᠢ ᠬᠦᠮᠦᠰ ᠬᠦᠬᠡᠬᠤᠲᠠ ᠶᠢᠨ ᠤᠷᠠᠨ ᠵᠢᠷᠤᠭ ᠤᠨ ᠤᠷᠳᠤᠨ ᠤ ᠸᠢᠴᠠᠲ ᠤᠨ ᠲᠠᠪᠴᠠᠩ ᠢ ᠠᠩᠬᠠᠷᠴᠤ ᠨᠡᠷ᠎ᠠ ᠪᠡᠷ ᠪᠦᠷᠢᠳᠭᠡᠭᠦᠯᠦᠭᠡᠷᠡᠢ᠃

ᠢᠷᠡᠯᠳᠡ᠄ ᠬᠦᠬᠡᠬᠤᠲᠠ ᠶᠢᠨ ᠤᠷᠤᠢ ᠶᠢᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122044145