蒙古文网站Logo
ᠰᠢᠨᠬᠤᠸᠠ ᠮᠤᠩᠭ᠋ᠤᠯ ᠨᠧᠲ

2018 ᠤᠨ ᠤ ᠮᠤᠩᠭᠤᠯ ᠬᠡᠯᠡᠨ ᠤ ᠰᠦᠯᠵᠢᠶ᠎ᠠ ᠶᠢᠨ ᠴᠠᠭᠠᠨ ᠰᠠᠷ᠎ᠠ ᠶᠢᠨ ᠦᠲᠡᠰᠢᠯᠡᠭᠡ ᠠᠷᠤ ᠬᠤᠷᠴᠢᠨ ᠬᠤᠰᠢᠭᠤᠨ ᠳ᠋ᠤ ᠶᠠᠪᠤᠭᠲᠠᠬᠤ ᠪᠡᠷ ᠪᠤᠯᠤᠯ᠎ᠠ

2017-12-20 17:27

    《ᠬᠦᠯᠦᠭ ᠬᠦᠷᠬᠦᠢ - ᠠᠷᠦ ᠬᠤᠷᠴᠢᠨ • 2018 ᠮᠤᠩᠭᠤᠯ ᠬᠡᠯᠡᠨ ᠤ ᠰᠦᠯᠵᠢᠶ᠎ᠡ ᠶᠢᠨ ᠴᠠᠭᠠᠨ ᠰᠠᠷ᠎ᠠ ᠶᠢᠨ ᠦᠳᠡᠰᠢᠯᠡᠭᠡ》 ᠶᠢ 2018 ᠤᠨ ᠤ 1 ᠰᠠᠷ᠎ᠠ ᠶᠢᠨ 14 ᠤ ᠡᠳᠦᠷ ᠤᠯᠠᠭᠠᠨᠬᠠᠳᠠ ᠬᠤᠳᠠ ᠶᠢᠨ ᠠᠷᠦ ᠬᠤᠷᠴᠢᠨ ᠬᠤᠰᠢᠭᠤᠨ ᠳᠤ ᠰᠡᠭᠦᠲᠡᠷᠯᠡᠨ ᠰᠢᠩᠭᠡᠭᠡᠬᠦ ᠪᠡᠷ ᠪᠤᠯᠤᠯ᠎ᠠ᠃ ᠡᠨᠡᠬᠦ ᠦᠳᠡᠰᠢᠯᠡᠭᠡ ᠶᠢ ᠦᠪᠡᠷᠳᠡᠬᠡᠨ ᠵᠠᠰᠠᠬᠤ ᠤᠷᠤᠨ ᠤ ᠢᠨᠲ᠋ᠧᠷ ᠰᠦᠯᠵᠢᠶ᠎ᠠ ᠶᠢᠨ ᠮᠡᠳᠡᠭᠡ ᠵᠠᠩᠬᠢ ᠶᠢᠨ ᠬᠠᠮᠢᠶᠡᠷᠦᠯᠳᠡ ᠶᠢᠨ ᠠᠯᠪᠠᠨ ᠬᠡᠷ ᠤᠨ ᠵᠢᠯᠤᠭᠤᠳᠤᠯᠭ᠎ᠠ ᠳᠤᠤᠷ᠎ᠠ᠂ ᠦᠪᠦᠷ ᠮᠤᠩᠭᠤᠯ ᠤᠨ ᠡᠳᠦᠷ ᠤᠨ ᠰᠤᠨᠢᠨ ᠤ ᠬᠤᠷᠢᠶ᠎ᠠ᠂ ᠦᠪᠦᠷ ᠮᠤᠩᠭᠤᠯ ᠤᠨ ᠮᠤᠩᠭᠤᠯ ᠰᠤᠨᠢᠨ ᠰᠦᠯᠵᠢᠶ᠎ᠠ ᠶᠢᠨ ᠬᠤᠯᠪᠤᠭ᠎ᠠ᠂ ᠠᠷᠦ ᠬᠤᠷᠴᠢᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠤᠷᠳᠦᠨ ᠠᠴᠠ ᠭᠤᠤᠯᠯᠠᠨ ᠡᠷᠬᠢᠯᠡᠵᠦ᠂ ᠳᠤᠮᠳᠠᠳᠦ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ᠂ ᠠᠷᠦ ᠬᠤᠷᠴᠢᠨ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ᠂ ᠤᠯᠠᠭᠠᠨᠬᠠᠳᠠ ᠶᠢᠨ ᠡᠳᠦᠷ ᠤᠨ ᠰᠤᠨᠢᠨ ᠤ ᠬᠤᠷᠢᠶ᠎ᠠ᠂ ᠠᠷᠦ ᠬᠤᠷᠴᠢᠨ ᠬᠤᠰᠢᠭᠤᠨ ᠤ ᠰᠤᠶᠤᠯ ᠳᠠᠮᠢᠷ ᠷᠠᠳᠢᠣ᠋ ᠲᠧᠯᠧᠶ᠋ᠰ ᠵᠤᠭᠠᠴᠠᠯ ᠤᠨ ᠳᠤᠪᠴᠢᠶ᠎ᠠ᠂ ᠠᠷᠦ ᠬᠤᠷᠴᠢᠨ ᠬᠤᠰᠢᠭᠤᠨ ᠤ ᠦᠨᠳᠦᠰᠦᠳᠡᠨ ᠱᠠᠰᠢᠨ ᠰᠤᠷᠳᠠᠬᠤᠨ ᠤ ᠬᠡᠷᠡᠭ ᠡᠷᠬᠢᠯᠡᠬᠦ ᠳᠤᠪᠴᠢᠶ᠎ᠠ᠂ ᠠᠷᠦ ᠬᠤᠷᠴᠢᠨ ᠬᠤᠰᠢᠭᠤᠨ ᠤ ᠷᠠᠳᠢᠣ᠋ ᠲᠧᠯᠧᠶ᠋ᠰ ᠤᠨ ᠦᠢᠯᠡᠴᠢᠯᠡᠭᠡᠨ ᠤ ᠲᠦᠪ ᠡᠴᠡ ᠳᠠᠭᠠᠭᠠᠴᠢᠯᠡᠨ ᠡᠷᠬᠢᠯᠡᠬᠦ ᠪᠤᠯᠤᠨ᠎ᠠ᠃

    ᠤᠯᠠᠮᠵᠢᠯᠡᠯ ᠢᠶᠠᠨ ᠪᠠᠳᠠᠷᠠᠭᠤᠯᠤᠨ᠂ ᠰᠢᠨᠡᠴᠢᠯᠡᠯ ᠢ ᠡᠷᠢᠯᠬᠢᠯᠡᠭᠰᠡᠨ 《ᠬᠦᠯᠦᠭ ᠬᠦᠷᠬᠦᠢ - ᠠᠷᠦ ᠬᠤᠷᠴᠢᠨ 2018 • ᠮᠤᠩᠭᠤᠯ ᠬᠡᠯᠡᠨ ᠤ ᠰᠦᠯᠵᠢᠶ᠎ᠡ ᠶᠢᠨ ᠴᠠᠭᠠᠨ ᠰᠠᠷ᠎ᠠ ᠶᠢᠨ ᠦᠳᠡᠰᠢᠯᠡᠭᠡ 》ᠨᠢ ᠬᠦᠯᠦᠭ ᠰᠢᠯᠵᠢᠶ᠎ᠠ ᠪᠠᠷ ᠰᠢᠵᠢᠮᠯᠡᠨ᠂ ᠠᠷᠦ ᠬᠤᠷᠴᠢᠨ ᠬᠤᠰᠢᠭᠤᠨ ᠤ ᠳᠡᠦᠬᠡ ᠰᠤᠶᠤᠯ ᠤᠨ ᠤᠯᠪᠠᠭᠠᠨ ᠳᠤ ᠦᠨᠳᠦᠰᠦᠯᠡᠵᠦ᠂ ᠦᠵᠡᠭᠴᠢᠳ ᠪᠡ ᠵᠠᠭᠤᠴᠢᠯᠠᠭᠤᠷ ᠤᠨ ᠬᠤᠷᠰᠢᠯ ᠤᠷᠤᠯᠴᠠᠭ᠎ᠠ ᠲᠠᠢ ᠰᠢᠨ᠎ᠠ ᠴᠠᠭ ᠦᠶ᠎ᠠ ᠶᠢᠨ ᠵᠢᠩᠬᠢᠨᠢ ᠤᠳᠬ᠎ᠠ ᠶᠢᠨ ᠰᠦᠯᠵᠢᠶ᠎ᠡ ᠶᠢᠨ ᠦᠳᠡᠰᠢᠯᠡᠭᠡ ᠶᠢ ᠵᠤᠬᠢᠶᠡᠨ ᠪᠠᠶᠢᠭᠤᠯᠵᠦ ᠡᠷᠬᠢᠯᠡᠬᠦ ᠶᠢ ᠬᠢᠴᠢᠶᠡᠭᠰᠡᠨ ᠶᠤᠮ᠃ ᠠᠭᠤᠯᠭ᠎ᠠ ᠶᠢ ᠪᠠᠶᠠᠯᠢᠭᠵᠢᠭᠤᠯᠵᠦ᠂ ᠬᠡᠯᠪᠡᠷᠢ ᠶᠢ ᠰᠢᠯᠢᠳᠡᠭᠵᠢᠬᠦᠯᠬᠦ ᠡᠬᠦᠳᠡᠨ ᠠᠴᠠ ᠦᠳᠡᠰᠢᠯᠡᠭᠡ ᠶᠢ ᠰᠡᠬᠦᠳᠡᠷᠯᠡᠨ ᠰᠢᠩᠬᠡᠬᠡᠬᠦ ᠳᠡᠭᠡᠨ ᠰᠦᠯᠵᠢᠶᠡᠨ ᠳᠠᠬᠢ ᠬᠤᠷᠰᠢᠯ᠂ ᠵᠢᠷᠬᠢᠶ᠎ᠠ ᠪᠠᠷ ᠬᠤᠯᠪᠤᠭ᠎ᠠ ᠪᠠᠷᠢᠬᠤ ᠵᠡᠷᠬᠡ ᠰᠢᠨ᠎ᠠ ᠵᠠᠭᠤᠴᠢᠯᠠᠭᠤᠷ ᠪᠤᠶᠤ ᠰᠦᠯᠵᠢᠶᠡᠨ ᠤ ᠡᠯᠧᠮᠧᠨ᠋ᠲ ᠢ ᠠᠰᠢᠡᠡᠯᠠᠬᠤ ᠪᠠᠷ ᠪᠠᠷᠠᠬᠤ ᠦᠬᠡᠢ ᠦᠳᠡᠰᠢᠯᠡᠭᠡ ᠶᠢ ᠰᠡᠬᠦᠳᠡᠷᠯᠡᠨ ᠰᠢᠩᠬᠡᠬᠡᠬᠦ ᠠᠴᠠ ᠡᠮᠦᠨ᠎ᠠ ᠪᠦᠬᠦ ᠤᠯᠤᠰ ᠤᠨ ᠮᠤᠩᠭᠤᠯ ᠬᠡᠯᠡᠨ ᠤ ᠰᠦᠯᠵᠢᠶ᠎ᠠ ᠵᠠᠭᠤᠴᠢᠯᠠᠭᠤᠷ ᠤᠨ ᠠᠷᠦ ᠬᠤᠷᠴᠢᠨ ᠬᠤᠰᠢᠭᠤᠨ ᠳᠠᠬᠢ ᠰᠤᠷᠪᠤᠯᠵᠢᠯᠠᠭ᠎ᠠ ᠮᠡᠳᠡᠬᠡᠯᠡᠯ᠂ ᠰᠢᠨ᠎ᠠ ᠴᠠᠭ ᠦᠶ᠎ᠠ ᠶᠢᠨ ᠮᠤᠩᠭᠤᠯ ᠬᠡᠯᠡᠨ ᠤ ᠰᠦᠯᠵᠢᠶ᠎ᠠ ᠵᠠᠭᠤᠴᠢᠯᠠᠭᠤᠷ ᠤᠨ ᠬᠦᠭᠵᠢᠯᠳᠡ ᠶᠢᠨ ᠰᠤᠳᠤᠯᠤᠨ ᠶᠠᠷᠢᠯᠴᠠᠬᠤ ᠬᠤᠷᠡᠯ᠂ 《ᠠᠷᠤ ᠬᠤᠷᠴᠢᠨ ᠢ ᠪᠠᠬᠠᠷᠬᠠᠬᠤ N ᠰᠢᠯᠳᠠᠭᠠᠨ》 ᠳᠤ ᠤᠨᠤᠭ᠎ᠠ ᠦᠭᠬᠦ᠂ ᠦᠳᠡᠰᠢᠯᠡᠭᠡ ᠶᠢᠨ ᠳᠤᠭᠯᠠᠯᠳᠠ ᠶᠢ ᠰᠤᠩᠭᠤᠨ ᠰᠢᠯᠭᠠᠷᠠᠭᠤᠯᠬᠤ᠂ 《ᠠᠷᠦ ᠬᠤᠷᠴᠢᠨ ᠰᠠᠶᠢᠬᠠᠨ ᠭᠠᠵᠠᠷ》ᠬᠡᠷᠡᠯ ᠵᠢᠷᠤᠭ ᠤᠨ ᠪᠦᠳᠦᠬᠡᠯ ᠵᠢᠴᠢ ᠦᠳᠡᠰᠢᠯᠡᠭᠡ ᠶᠢᠨ ᠭᠤᠤᠯ ᠳᠠᠭᠤᠤ ᠡᠯᠰᠡᠬᠦ ᠵᠡᠷᠬᠡ ᠠᠵᠢᠯᠯᠠᠭ᠎ᠠ ᠦᠷᠨᠢᠬᠦᠯᠬᠦ ᠪᠤᠯᠤᠨ᠎ᠠ᠃ ᠲᠠ ᠪᠦᠭᠦᠨ ᠦᠳᠡᠰᠢᠯᠡᠭᠡ ᠶᠢᠨ ᠳᠤᠬᠠᠢ ᠨᠡᠩ ᠬᠦᠨᠵᠡᠬᠡᠢ ᠤᠢᠢᠯᠠᠭᠠᠶ᠎ᠠ ᠬᠡᠪᠡᠯ ᠬᠠᠮᠢᠶ᠎ᠠ ᠪᠦᠬᠦᠢ ᠵᠠᠭᠤᠴᠢᠯᠠᠭᠤᠷ ᠲᠤ ᠠᠩᠬᠠᠷᠤᠯ ᠢᠶᠠᠨ ᠪᠠᠶᠢᠡᠭᠭᠤ ᠬᠠᠨᠳᠤᠭᠤᠯᠵᠦ ᠪᠠᠶᠢᠭᠠᠷᠠᠢ!

ᠢᠷᠡᠯᠳᠡ᠄ ᠦᠪᠦᠷ ᠮᠤᠩᠭᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122141994