蒙古文网站Logo
ᠰᠢᠨᠬᠤᠸᠠ ᠮᠤᠩᠭ᠋ᠤᠯ ᠨᠧᠲ

ᠠᠯᠪᠠᠨ ᠵᠢᠷᠤᠮ ᠤᠨ ᠴᠡᠷᠢᠭ ᠲᠤ ᠡᠷᠡᠮᠡᠯᠵᠡᠬᠦ ᠬᠦᠮᠦᠰ ᠤᠳᠤ ᠡᠴᠡ ᠡᠬᠢᠯᠡᠨ ᠨᠧᠲ ᠢᠶᠡᠷ ᠨᠡᠷ᠎ᠡ ᠪᠦᠷᠢᠳᠬᠡᠬᠦᠯᠵᠦ ᠪᠤᠯᠤᠨ᠎ᠠ

2018-01-10 15:35

    ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠠᠮᠤᠨ ᠤ ᠠᠯᠪᠠᠨ ᠵᠢᠷᠤᠮ ᠤᠨ ᠴᠡᠷᠢᠭ᠌ ᠡᠯᠰᠡᠬᠦ ᠠᠯᠪᠠᠨ ᠲᠦᠷᠦᠭᠦᠬᠡᠨ《2018 ᠤᠨ ᠤ ᠠᠯᠪᠠᠨ ᠵᠢᠷᠤᠮ ᠤᠨ ᠴᠡᠷᠢᠭ ᠡᠯᠰᠡᠬᠦ ᠪᠡᠯᠡᠳᠬᠡᠯ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ》ᠨᠡᠶᠢᠲᠡᠯᠡᠵᠦ᠂ ᠰᠢᠨ᠎ᠡ ᠤᠨ ᠤ ᠴᠡᠷᠢᠭ᠌ ᠡᠯᠰᠡᠬᠦ ᠪᠡᠯᠡᠳᠬᠡᠯ ᠠᠵᠢᠯ ᠢ ᠪᠠᠶᠢᠷᠢᠰᠢᠭᠤᠯᠬᠤ ᠶᠢᠨ ᠬᠠᠮᠲᠤ ᠤᠷᠤᠨ ᠨᠤᠲᠤᠬ ᠤᠨ ᠬᠢᠨ ᠢ ᠨᠠᠮ ᠤᠨ ᠠᠷᠪᠠ ᠶᠢᠰᠦᠳᠦᠭᠡᠷ ᠬᠤᠷᠠᠯ ᠤᠨ ᠵᠤᠷᠢᠬ ᠰᠠᠨᠠᠭ᠎ᠠ ᠵᠢ ᠲᠤᠤᠱᠯᠠᠭᠤᠯᠵᠦ᠂ ᠴᠡᠷᠢᠭ᠌ ᠡᠯᠰᠡᠬᠦ ᠠᠵᠢᠯ ᠤᠨ ᠵᠤᠬᠢᠶᠠᠨ ᠪᠠᠶᠢᠭᠤᠯᠤᠯᠲᠠ᠂ ᠬᠠᠤᠯᠢ ᠳᠦᠷᠢᠮ ᠤᠨ ᠪᠠᠶᠢᠭᠤᠯᠤᠯᠲᠠ᠂ ᠴᠢᠳᠠᠪᠤᠷᠢ ᠶᠢᠨ ᠪᠠᠶᠢᠭᠤᠯᠤᠯᠲᠠ᠂ ᠠᠷᠢᠭᠤᠨ ᠴᠢᠭᠡᠴᠢ ᠪᠠᠶᠢᠭᠤᠯᠤᠯᠲᠠ ᠵᠡᠷᠭᠡ ᠵᠢ ᠨᠢᠭᠡᠲᠦᠯᠲᠡᠢ ᠠᠬᠢᠭᠤᠯᠵᠦ᠂ 2018 ᠤᠨ ᠤ ᠴᠡᠷᠢᠭ᠌ ᠡᠯᠰᠡᠬᠦ ᠠᠵᠢᠯ ᠢ ᠠᠮᠵᠢᠯᠲᠠ ᠲᠠᠢ ᠦᠷᠨᠢᠭᠦᠯᠬᠦ ᠵᠢ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃

    ᠤᠯᠤᠰ  ᠤᠨ ᠴᠡᠷᠢᠭ᠌ ᠡᠯᠰᠡᠬᠦ ᠨᠧᠲ (http://www.gfbzb.gov.cn) ᠢ᠋ 1 ᠰᠠᠷ᠎ᠠ ᠶᠢᠨ 10 ᠤ᠋ ᠡᠳᠦᠷ ᠪᠤᠶᠤ ᠦᠨᠦᠳᠦᠷ ᠡᠴᠡ ᠡᠬᠢᠯᠡᠨ ᠠᠵᠢᠯᠯᠠᠭᠤᠯᠵᠦ᠂ ᠨᠧᠲ ᠢᠶᠡᠷ ᠨᠡᠷ᠎ᠡ ᠪᠦᠷᠢᠳᠬᠡᠬᠦᠯᠬᠦ ᠪᠤᠶᠤ ᠬᠤᠯᠪᠤᠬᠳᠠᠬᠤ ᠲᠦᠷᠦ ᠶᠢᠨ ᠪᠤᠳᠤᠯᠭ᠎ᠠ ᠵᠢ ᠠᠰᠠᠭᠤᠨ ᠯᠠᠪᠯᠠᠬᠤ ᠵᠡᠷᠭᠡ ᠠᠵᠢᠯ ᠢ ᠪᠦᠬᠦ ᠲᠠᠯ᠎ᠠ ᠪᠡᠷ ᠦᠷᠨᠢᠭᠦᠯᠵᠦ ᠡᠬᠢᠯᠡᠵᠡᠢ᠃

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠤᠯᠤᠰ ᠤᠨ ᠬᠡᠪᠯᠡᠯ ᠮᠡᠳᠡᠭᠡᠯᠡᠯ ᠷᠠᠳᠢᠣ᠋ ᠲᠧᠯᠸᠶ᠋ᠰ ᠤᠨ ᠶᠡᠷᠦᠩᠬᠡᠢ ᠲᠤᠪᠴᠢᠶ᠎ᠠ᠄ ᠵᠤᠭᠰᠤᠭᠠᠭᠰᠠᠨ ᠨᠡᠪᠲᠡᠷᠡᠭᠦᠯᠬᠡ ᠶᠢ ᠨᠧᠲ ᠲᠤ ᠰᠢᠯᠵᠢᠬᠦᠯᠦᠨ ᠨᠡᠪᠲᠡᠷᠡᠬᠦᠯᠵᠦ ᠪᠤᠯᠬᠤ ᠦᠬᠡᠢ
  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
关闭
010070230030000000000000011120701122238953