微信打开
蒙古文网站Logo
ᠰᠢᠨᠬᠤᠸᠠ ᠮᠤᠩᠭ᠋ᠤᠯ ᠨᠧᠲ

ᠬᠦᠬᠡᠬᠤᠲᠠ ᠶᠢᠨ ᠮᠤᠨᠭᠭᠤᠯ ᠬᠡᠯᠡ ᠪᠢᠴᠢᠭ᠌ ᠤᠨ ᠠᠵᠢᠯ ᠦᠷᠨᠢᠨ ᠬᠦᠭ᠍ᠵᠢᠵᠦ ᠪᠤᠢ

2016-04-18 16:16

    ᠢᠷᠠᠭᠤ ᠤᠩᠰᠢᠯᠭ᠎ᠠ ᠪᠡᠷ ᠢᠶᠡᠨ ᠦᠵᠡᠭ᠍ᠴᠢᠳ ᠤᠨ ᠪᠠᠬᠠᠷᠬᠠᠯ ᠢ ᠲᠠᠲᠠᠳᠠᠬ《ᠳᠠᠷᠬᠠᠨ》ᠴᠤᠮᠤ ᠰᠢᠯᠦᠭ ᠤᠨ ᠤᠷᠠᠨ ᠤᠨᠭᠰᠢᠯᠭ᠎ ᠎ᠠ ᠶᠢᠨ ᠲᠡᠮᠡᠴᠡᠭᠡᠨ ᠢ ᠳᠠᠶᠠᠭᠠᠷ ᠰᠠᠶᠢᠨ ᠮᠡᠳᠡᠵᠦ ᠲᠠᠭᠠᠷᠠᠨ᠎ᠠ᠃ ᠦᠨᠦ ᠵᠢᠯ ᠠᠷᠪᠠᠳᠠᠬᠢ ᠤᠳᠠᠭ᠎ᠠ ᠪᠠᠨ ᠵᠤᠬᠢᠶᠠᠨ ᠪᠠᠶᠢᠭᠤᠯᠤᠬᠳᠠᠵᠦ ᠪᠤᠢ 《ᠳᠠᠷᠬᠠᠨ》ᠴᠤᠮᠤ ᠰᠢᠯᠦᠭ᠌᠋ ᠤᠨ ᠤᠷᠠᠨ ᠤᠨᠭᠰᠢᠯᠭ᠎ᠠ ᠶᠢᠨ ᠲᠡᠮᠡᠴᠡᠭᠡᠨ ᠨᠢ ᠦᠪᠦᠷ ᠮᠤᠨᠭᠭᠤᠯ ᠤᠨ ᠬᠦᠬᠡᠬᠤᠲᠠ ᠶᠢᠨ ᠮᠤᠨᠭᠭᠤᠯ ᠦᠨᠳᠦᠰᠦᠲᠡᠨ ᠤ ᠰᠤᠷᠤᠬᠴᠢᠳ ᠤᠨ ᠤᠷ᠎ᠠ ᠠᠪᠢᠶᠠᠰ ᠢᠶᠡᠨ ᠦᠵᠡᠭᠦᠯᠭᠦ ᠰᠠᠶᠢᠨ ᠲᠤᠬᠢᠶᠠᠯ ᠪᠤᠯᠬᠤ ᠪᠡᠷ ᠦᠯᠦ ᠪᠠᠷᠠᠨ ᠮᠦᠨ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ᠂ ᠲᠡᠷᠡᠴᠢᠯᠡᠨ ᠤᠯᠤᠰ ᠤᠨ ᠬᠡᠪᠴᠢᠶᠡᠨ ᠳᠤ ᠨᠦᠯᠦᠭᠡ ᠶᠡᠬᠡᠲᠡᠢ ᠦᠨᠳᠦᠰᠦᠲᠡᠨ ᠤ ᠤᠨᠴᠠᠯᠢᠬᠲᠤ ᠰᠤᠶᠤᠯ ᠤᠨ ᠠᠵᠢᠯᠯᠠᠭ᠎ᠠ ᠪᠤᠯᠬᠤ ᠶᠤᠮ᠃ ᠲᠡᠷᠡ ᠨᠢ ᠮᠦᠨ ᠬᠦᠬᠡᠬᠤᠲᠠ ᠶᠢᠨ ᠠᠯᠢ ᠤᠯᠠᠨ ᠮᠤᠨᠭᠭᠤᠯ ᠬᠡᠯᠡ ᠪᠢᠴᠢᠭ᠌ ᠤᠨ ᠪᠦᠲᠦᠭᠡᠯᠴᠢ ᠠᠵᠢᠯᠯᠠᠭᠠᠨ ᠤ ᠨᠡᠶᠢᠲᠡᠯᠢᠭ᠌ ᠵᠢᠱᠢᠶ᠎ᠠ ᠪᠠᠶᠢᠭ᠎ᠠ ᠶᠤᠮ᠃

    ᠤᠯᠠᠨ ᠵᠢᠯ ᠤᠨ ᠲᠤᠷᠰᠢ᠂ ᠬᠦᠬᠡᠬᠤᠲᠠ ᠨᠠᠮ ᠤᠨ ᠦᠨᠳᠦᠰᠦᠲᠡᠨ ᠤ  ᠲᠦᠷᠦ ᠶᠢᠨ ᠪᠤᠳᠤᠯᠭ᠎᠎ᠠ ᠪᠤᠯᠤᠨ ᠦᠨᠳᠦᠰᠦᠲᠡᠨ ᠤ ᠬᠡᠯᠡ ᠪᠢᠴᠢᠭ᠌ ᠤᠨ ᠲᠦᠷᠦ ᠶᠢᠨ ᠪᠤᠳᠤᠯᠭ᠎ᠠ ᠵᠢ ᠲᠤᠤᠱᠲᠠᠢ ᠨᠠᠶᠢᠳᠠᠪᠤᠷᠢᠵᠢᠭᠤᠯᠵᠦ᠂ ᠮᠤᠨᠭᠭᠤᠯ ᠬᠡᠯᠡ ᠪᠢᠴᠢᠭ᠌ ᠤᠨ ᠠᠵᠢᠯ ᠢ ᠠᠬᠢᠭᠤᠯᠤᠨ᠂ ᠮᠤᠨᠭᠭᠤᠯ ᠬᠡᠯᠡ ᠪᠢᠴᠢᠭ᠌ ᠤᠨ ᠬᠠᠤᠯᠢ ᠳᠦᠷᠢᠮ᠂ ᠦᠨᠳᠦᠰᠦᠲᠡᠨ ᠤ ᠰᠤᠷᠭᠠᠨ ᠬᠦᠮᠦᠵᠢᠯ᠂ ᠬᠡᠪᠯᠡᠯ ᠮᠡᠳᠡᠭᠡᠯᠡᠯ᠂ ᠰᠢᠨᠵᠢᠡᠯᠬᠦ ᠤᠬᠠᠭᠠᠨ᠂ ᠮᠤᠨᠭᠭᠤᠯ ᠬᠡᠯᠡ ᠪᠢᠴᠢᠭ᠌ ᠤᠨ ᠤᠷᠴᠢᠭᠤᠯᠭ᠎ᠠ ᠵᠡᠷᠭᠡ ᠲᠠᠯ᠎ᠠ ᠳᠤ ᠡᠯᠪᠡᠭ᠌ ᠠᠮᠵᠢᠯᠲᠠ ᠤᠯᠵᠠᠢ᠃

    2011 ᠤᠨ ᠳᠤ ᠪᠠᠶᠢᠭᠤᠯᠤᠬᠳᠠᠬᠰᠠᠨ ᠮᠤᠨᠭᠭᠤᠯ ᠬᠡᠯᠡ ᠰᠤᠷᠬᠤ ᠠᠩᠬᠢ ᠨᠢ ᠤᠳᠤ ᠬᠦᠬᠡᠬᠤᠲᠠ ᠶᠢᠨ ᠢᠷᠭᠡᠳ ᠤᠨ ᠮᠤᠨᠭᠭᠤᠯ ᠬᠡᠯᠡ ᠪᠢᠴᠢᠭ᠌ ᠰᠤᠷᠬᠤ ᠰᠠᠶᠢᠨ ᠲᠠᠪᠴᠠᠩ ᠪᠤᠯᠤᠭᠠᠳ᠂ ᠠᠩᠬᠢ ᠡᠷᠬᠢᠯᠡᠭᠰᠡᠨ ᠡᠴᠡ ᠨᠠᠰᠢ ᠠᠳᠠᠯᠢ ᠪᠤᠰᠤ ᠠᠵᠢᠯ ᠮᠡᠷᠭᠡᠵᠢᠯ ᠤᠨ 500 ᠭᠠᠷᠦᠢ ᠬᠦᠮᠦᠨ ᠡᠨᠡ ᠠᠩᠬᠢ ᠳᠤ ᠰᠤᠷᠤᠯᠴᠠᠪᠠ᠃

    ᠰᠡᠴᠡᠨᠵᠠᠶᠠᠭ᠎ᠠ ᠪᠤᠯ ᠤᠳᠬ᠎ᠠ ᠰᠤᠶᠤᠯ ᠤᠨ ᠵᠠᠯᠠᠭᠤ ᠠᠵᠢᠯᠲᠠᠨ᠂ 《ᠤᠨᠭᠭᠤᠨ ᠰᠠᠷᠠᠯ》 ᠰᠡᠳᠬᠦᠯ ᠳᠡᠭᠡᠷ᠎ᠡ ᠡᠴᠡ ᠲᠡᠬᠦᠨ ᠤ ᠪᠦᠲᠦᠭᠡᠯ ᠢ ᠤᠯᠠᠨᠲᠠ ᠤᠯᠵᠦ ᠬᠠᠷᠠᠳᠠᠬ᠃ ᠲᠡᠷᠡ ᠰᠤᠷᠪᠤᠯᠵᠢᠯᠠᠬᠴᠢ ᠳᠤ᠄《ᠡᠨᠡ ᠰᠡᠳᠬᠦᠯ ᠨᠢ ᠮᠤᠨᠭᠭᠤᠯ ᠦᠨᠳᠦᠰᠦᠲᠡᠨ ᠤ ᠤᠩᠰᠢᠬᠴᠢᠳ ᠤᠨ ᠳᠤᠮᠳᠠ ᠮᠠᠰᠢ ᠬᠦᠷᠢᠶᠡᠯᠡᠯ ᠲᠠᠢ᠂ ᠬᠦᠬᠡᠬᠤᠲᠠ ᠶᠢᠨ ᠮᠤᠨᠭᠭᠤᠯᠴᠤᠳ ᠤᠨ ᠦᠨᠳᠦᠰᠦᠲᠡᠨ᠂ ᠱᠠᠰᠢᠨ ᠰᠤᠷᠳᠠᠬᠤᠨ᠂ ᠮᠤᠨᠭᠭᠤᠯ ᠬᠡᠯᠡ ᠪᠢᠴᠢᠭ᠌ ᠤᠨ ᠠᠵᠢᠯ ᠢ ᠤᠶᠢᠯᠠᠭᠠᠬᠤ ᠪᠠ ᠦᠪᠡᠷ ᠤᠨ ᠪᠦᠲᠦᠭᠡᠯ ᠢᠶᠡᠨ ᠨᠡᠶᠢᠲᠡᠯᠡᠬᠦ᠂ ᠬᠦᠬᠡᠬᠤᠲᠠ ᠶᠢᠨ ᠲᠡᠦᠬᠡ ᠰᠤᠶᠤᠯ ᠢ ᠳᠡᠯᠭᠡᠬᠦ᠂ ᠬᠦᠬᠡᠬᠤᠲᠠ ᠶᠢᠨ ᠮᠤᠨᠭᠭᠤᠯᠴᠤᠳ ᠤᠨ ᠬᠡᠪ ᠨᠠᠮᠪᠠ ᠵᠢ ᠬᠠᠷᠠᠭᠤᠯᠬᠤ ᠰᠠᠶᠢᠬᠠᠨ ᠠᠴᠢᠶᠠᠯᠠᠪᠤᠷᠢ ᠪᠤᠯᠤᠨ᠎ᠠ》ᠭᠡᠵᠦ ᠶᠠᠷᠢᠵᠦ ᠪᠠᠶᠢᠪᠠ᠃

    ᠦᠨᠦ ᠵᠢᠯ ᠬᠤᠶᠠᠷ ᠨᠠᠰᠤᠲᠠᠢ ᠴᠢᠮᠡᠳ ᠢᠷᠡᠬᠦ ᠵᠢᠯ ᠴᠡᠴᠡᠷᠯᠢᠭ᠌ ᠲᠤ ᠤᠷᠤᠬᠤ ᠪᠤᠯᠤᠨ᠎ᠠ᠃ ᠡᠵᠢ ᠨᠢ ᠬᠦᠬᠡᠬᠤᠲᠠ ᠶᠢᠨ ᠮᠤᠨᠭᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ᠌ ᠲᠤ ᠨᠡᠷ᠎ᠡ ᠵᠢ ᠨᠢ ᠮᠡᠳᠡᠭᠦᠯᠵᠡᠢ᠃《ᠰᠤᠷᠤᠯᠭ᠎ᠠ ᠶᠢᠨ ᠲᠦᠯᠦᠪᠦᠷᠢ ᠵᠢ ᠨᠢ ᠴᠢᠯᠦᠭᠡᠯᠡᠭᠰᠡᠨ ᠡᠴᠡ ᠭᠠᠳᠠᠨ᠎ᠠ᠂ ᠤᠯᠤᠰ ᠡᠴᠡ ᠪᠠᠰᠠ ᠮᠤᠨᠭᠭᠤᠯ ᠦᠨᠳᠦᠰᠦᠲᠡᠨ ᠤ ᠬᠡᠦᠬᠡᠳ ᠲᠤ ᠤᠯᠠᠨ ᠲᠦᠷᠦᠯ ᠤᠨ ᠨᠦᠬᠦᠪᠦᠷᠢ ᠦᠭ᠍ᠴᠦ ᠪᠤᠢ᠃ ᠠᠵᠠ ᠪᠡᠷ ᠲᠦᠷᠦ ᠶᠢᠨ ᠪᠤᠳᠤᠯᠭ᠎ᠠ ᠶᠢᠨ ᠰᠠᠶᠢᠨ ᠢ ᠬᠦᠷᠲᠬᠦ ᠪᠤᠯᠤᠨ᠎ᠠ》 ᠭᠡᠵᠦ ᠴᠢᠮᠡᠳ ᠤᠨ ᠡᠵᠢ ᠶᠠᠷᠢᠵᠦ ᠪᠠᠶᠢᠯ᠎ᠠ᠃

    ᠤᠯᠠᠨ ᠵᠢᠯ ᠤᠨ ᠲᠤᠷᠰᠢ᠂ ᠲᠦᠷᠦ ᠶᠢᠨ ᠪᠤᠳᠤᠯᠭ᠎ᠠ᠎ ᠶᠢᠨ ᠳᠡᠮᠵᠢᠯᠭᠡ ᠨᠢ ᠬᠦᠬᠡᠬᠤᠲᠠ ᠶᠢᠨ ᠮᠤᠨᠭᠭᠤᠯ ᠬᠡᠯᠡ ᠪᠢᠴᠢᠭ᠌ ᠰᠤᠷᠭᠠᠨ ᠬᠦᠮᠦᠵᠢᠯ ᠤᠨ ᠦᠢᠯᠡᠰ ᠢ ᠰᠢᠨ᠎ᠡ ᠬᠦᠭ᠍ᠵᠢᠯᠲᠡ ᠲᠠᠢ ᠪᠤᠯᠭᠠᠯ᠎ᠠ᠃ ᠬᠦᠬᠡᠬᠤᠲᠠ ᠶᠢᠨ ᠠᠯᠪᠠᠨ ᠡᠴᠡ ᠡᠷᠬᠢᠯᠡᠭᠰᠡᠨ ᠮᠤᠨᠭᠭᠤᠯ ᠢᠶᠡᠷ ᠬᠢᠴᠢᠶᠡᠯᠯᠡᠬᠦ ᠴᠡᠴᠡᠷᠯᠢᠭ᠌᠋᠌᠂ ᠰᠤᠷᠭᠠᠭᠤᠯᠢ ᠶᠢᠨ ᠨᠠᠰᠤᠨ ᠡᠴᠡ ᠡᠮᠦᠨᠡᠬᠢ ᠮᠤᠨᠭᠭᠤᠯ ᠦᠨᠳᠦᠰᠦᠲᠡᠨ ᠤ ᠬᠡᠦᠬᠡᠳ ᠤᠨ ᠵᠢᠯ ᠪᠦᠷᠢ ᠬᠦᠮᠦᠨ ᠪᠦᠷᠢ ᠶᠢᠨ 2400 ᠲᠦᠭᠦᠷᠢᠭ᠌ ᠠᠰᠠᠷᠠᠨ ᠬᠦᠮᠦᠵᠢᠭᠦᠯᠬᠦ ᠲᠦᠯᠦᠪᠦᠷᠢ ᠵᠢ ᠴᠢᠯᠦᠭᠡᠯᠡᠬᠦ ᠲᠦᠷᠦ ᠶᠢᠨ ᠪᠤᠳᠤᠯᠭ᠎ᠠ ᠵᠢ ᠬᠡᠷᠡᠭᠵᠢᠭᠦᠯᠵᠤ ᠪᠠᠶᠢᠬᠤ ᠪᠠ ᠪᠠᠰᠠ ᠵᠢᠯ ᠪᠦᠷᠢ 120 ᠲᠦᠮᠡᠨ ᠲᠦᠭᠦᠷᠢᠭ᠌ ᠵᠠᠷᠤᠴᠠᠭᠤᠯᠵᠦ᠂ ᠦᠨᠳᠦᠷ ᠳᠤᠮᠳᠠᠳᠤ ᠶᠢᠨ ᠮᠤᠨᠭᠭᠤᠯ ᠦᠨᠳᠦᠰᠦᠲᠡᠨ ᠤ ᠰᠤᠷᠤᠬᠴᠢᠳ ᠤᠨ ᠰᠤᠷᠤᠯᠭ᠎ᠠ ᠶᠢᠨ ᠲᠦᠯᠦᠪᠦᠷᠢ ᠵᠢ ᠴᠢᠯᠦᠭᠡᠯᠡᠨ᠂ ᠮᠤᠨᠭᠭᠤᠯ ᠢᠶᠡᠷ ᠬᠢᠴᠢᠶᠡᠯᠯᠡᠬᠦ ᠰᠤᠷᠤᠬᠴᠢᠳ ᠲᠤ 15 ᠵᠢᠯ ᠲᠦᠯᠦᠪᠦᠷᠢ ᠦᠭᠡᠢ ᠰᠤᠷᠭᠠᠨ ᠬᠦᠮᠦᠵᠢᠯ ᠬᠦᠷᠲᠡᠭᠡᠬᠦ ᠭᠡᠳᠡᠭ ᠢ ᠪᠡᠶᠡᠯᠡᠭᠦᠯᠵᠡᠢ᠃

    ᠤᠯᠠᠨ ᠵᠢᠯ ᠤᠨ ᠴᠢᠷᠮᠠᠶᠢᠯᠭ᠎ᠠ ᠪᠡᠷ ᠬᠦᠬᠡᠬᠤᠲᠠ ᠶᠢᠨ ᠮᠤᠨᠭᠭᠤᠯ ᠬᠡᠯᠡ ᠪᠢᠴᠢᠭ᠌ ᠤᠨ ᠠᠵᠢᠯ ᠪᠦᠬᠦ ᠲᠠᠯ᠎ᠠ ᠪᠡᠷ ᠬᠦᠭ᠍ᠵᠢᠵᠦ᠂ ᠡᠯ᠎ᠡ ᠠᠵᠢᠯ ᠲᠦᠷᠦᠯ ᠤᠨ ᠳᠤᠮᠳᠠ ᠢᠯᠡᠳᠳᠡ ᠠᠮᠵᠢᠯᠲᠠ ᠭᠠᠷᠭᠠᠵᠠᠢ᠃ ᠡᠨᠡ ᠨᠢ ᠮᠤᠨᠭᠭᠤᠯ ᠦᠨᠳᠦᠰᠦᠲᠡᠨ ᠤ ᠬᠦᠮᠦᠰ ᠤᠨ ᠤᠶᠤᠨ ᠤ ᠠᠮᠢᠳᠤᠷᠠᠯ ᠢ ᠪᠠᠶᠠᠯᠢᠬᠵᠢᠭᠤᠯᠤᠬᠰᠠᠨ ᠵᠢᠡᠷ ᠪᠠᠷᠠᠬᠤ ᠦᠭᠡᠢ ᠮᠤᠨᠭᠭᠤᠯ ᠬᠡᠯᠡ ᠪᠢᠴᠢᠭ᠌ ᠤᠨ ᠠᠵᠢᠯ ᠤᠨ ᠦᠷᠨᠢᠨ ᠬᠦᠭ᠍ᠵᠢᠬᠦ ᠵᠢ ᠠᠬᠢᠭᠤᠯᠵᠦ᠂ ᠡᠯ᠎ᠠ ᠦᠨᠳᠦᠰᠦᠲᠡᠨ ᠤ ᠤᠯᠠᠨ ᠨᠡᠶᠢᠲᠡ ᠶᠢᠨ ᠬᠠᠷᠢᠯᠴᠠᠭ᠎ᠠ ᠵᠢ ᠵᠤᠵᠠᠭᠠᠳᠬᠠᠨ᠂ ᠴᠢᠨᠡᠭᠡᠯᠢᠭ᠌ ᠨᠡᠶᠢᠭᠡᠮ ᠢ ᠪᠦᠬᠦ ᠲᠠᠯ᠎ᠠ ᠪᠡᠷ ᠪᠦᠲᠦᠭᠡᠨ ᠪᠠᠶᠢᠭᠤᠯᠬᠤ ᠢᠳᠡᠭᠡᠯ ᠵᠤᠷᠢᠬ ᠢ ᠬᠦᠪᠴᠢᠯᠡᠵᠡᠢ᠃

ᠢᠷᠡᠯᠳᠡ᠄ ᠬᠦᠬᠡᠬᠤᠲᠠ ᠶᠢᠨ ᠡᠳᠦᠷ ᠤᠨ ᠰᠤᠨᠢᠨ ᠡᠴᠡ ᠤᠷᠴᠢᠭᠤᠯᠤᠨ ᠨᠠᠶᠢᠷᠠᠭᠤᠯᠪᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • 《ᠰᠢᠨᠬᠤᠸᠠ ᠲᠤᠯᠢ ᠪᠢᠴᠢᠭ᠌》ᠭᠢᠨᠢᠰ ᠤᠨ ᠲᠡᠮᠳᠡᠭᠯᠡᠯ ᠳᠤ ᠪᠢᠴᠢᠭᠳᠡᠯ᠎ᠡ
  • ᠺᠠᠶᠢᠷᠤ᠋ ᠶᠢᠨ ᠵᠡᠭᠡᠯᠢ ᠳᠡᠭᠡᠷᠡᠬᠢ ᠭᠠᠷ ᠨᠡᠬᠡᠮᠡᠯ ᠬᠡᠪᠢᠰᠦᠨ ᠤ ᠳᠡᠯᠭᠡᠭᠦᠷ
  • ᠮᠤᠷᠢ ᠤᠨᠤᠭᠠᠳ ᠰᠤᠷᠭᠠᠭᠤᠯᠢ  ᠳᠠᠭᠠᠨ ᠶᠠᠪᠤᠳᠠᠬ ᠭ᠍ᠧᠷᠮᠠᠨ ᠬᠡᠦᠬᠡᠨ ᠤ ᠮᠤᠨᠭᠭᠤᠯ ᠬᠡᠯᠡ ᠰᠤᠷᠬᠤ ᠵᠠᠮᠨᠠᠯ
  • 12 ᠳ᠋ᠤᠭᠠᠷ ᠡᠭᠡᠯᠵᠢ ᠶᠢᠨ ᠪᠷᠠᠽᠢᠯ ᠤᠨ SP ᠤᠷᠠᠯᠢᠭ ᠤᠨ ᠦᠵᠡᠭᠦᠯᠦᠯᠭᠡ ᠰᠠᠩᠸᠤᠩ ᠫᠠᠦ᠋ᠯᠦ᠋ ᠳᠤ ᠶᠠᠪᠤᠭᠳᠠᠯ᠎ᠠ
关闭
010070230030000000000000011100001118657503