微信打开
蒙古文网站Logo
ᠰᠢᠨᠬᠤᠸᠠ ᠮᠤᠩᠭ᠋ᠤᠯ ᠨᠧᠲ

ᠲᠦᠷᠪᠡᠳᠦᠭᠡᠷ ᠬᠤᠭᠤᠴᠠᠭᠠᠨ ᠤ ᠲᠤᠮᠳᠠᠳᠤ ᠤᠯᠤᠰ ᠤᠨ ᠨᠡᠭᠦᠳᠡᠯ ᠮᠠᠯᠵᠢᠯ ᠤᠨ ᠰᠤᠶᠤᠯ ᠵᠢᠭᠤᠯᠴᠢᠯᠠᠯ ᠤᠨ ᠨᠠᠶᠢᠷ ᠡᠬᠢᠯᠡᠬᠦ ᠪᠡᠷ ᠪᠤᠢ

2016-07-04 22:28

    ᠰᠤᠷᠪᠤᠯᠵᠢᠯᠠᠭᠴᠢ 6 ᠰᠠᠷ᠎ᠠ ᠶᠢᠨ 19 ᠤ ᠡᠳᠦᠷ ᠪᠤᠭᠤᠲᠤ ᠬᠤᠳᠠ ᠳᠤ ᠬᠤᠷᠠᠯᠳᠤᠭᠰᠠᠨ ᠲᠦᠷᠪᠡᠳᠦᠭᠡᠷ ᠬᠤᠭᠤᠴᠠᠭᠠᠨ ᠤ ᠲᠤᠮᠳᠠᠳᠤ ᠤᠯᠤᠰ ᠤᠨ ᠨᠡᠭᠦᠳᠡᠯ ᠮᠠᠯᠵᠢᠯ ᠤᠨ ᠰᠤᠶᠤᠯ ᠵᠢᠭᠤᠯᠴᠢᠯᠠᠯ ᠤᠨ ᠨᠠᠶᠢᠷ ᠤᠨ ᠡᠬᠢᠯᠡᠯᠲᠡ ᠶᠢᠨ ᠶᠤᠰᠤᠯᠠᠯ ᠵᠢᠴᠢ ᠠᠵᠢᠯᠯᠠᠭ᠎ᠠ ᠶᠢᠨ ᠲᠠᠨᠢᠯᠴᠠᠭᠤᠯᠭ᠎ᠠ ᠶᠢᠨ ᠬᠤᠷᠠᠯ ᠠᠴᠠ ᠤᠢᠯᠠᠭᠠᠭᠰᠠᠨ ᠢᠶᠠᠷ᠂ ᠲᠤᠰ ᠨᠡᠭᠦᠳᠡᠯ ᠮᠠᠯᠵᠢᠯ ᠤᠨ ᠰᠤᠶᠤᠯ ᠵᠢᠭᠤᠯᠴᠢᠯᠠᠯ ᠤᠨ ᠨᠠᠶᠢᠷ 7 ᠰᠠᠷ ᠎ᠠ ᠶᠢᠨ 15 ᠤ ᠡᠳᠦᠷ ᠡᠬᠢᠯᠡᠵᠦ᠂ ᠡᠯ᠎ᠠ ᠲᠦᠷᠦᠯ ᠤᠨ ᠠᠵᠢᠯᠯᠠᠭ᠎ᠠ ᠠᠯᠬᠤᠮ ᠲᠠᠷᠠᠭ᠎ᠠ ᠲᠠᠢ ᠶᠠᠪᠤᠭᠳᠠᠨ᠂ ᠵᠢᠯ ᠲᠤᠷᠰᠢ ᠦᠷᠬᠦᠯᠵᠢᠯᠡᠬᠦ ᠪᠤᠯᠤᠨ᠎ᠠ᠃

    ᠤᠢᠯᠠᠭᠠᠭᠰᠠᠨ ᠢᠶᠠᠷ᠂ ᠲᠤᠰ ᠤᠳᠠᠭᠠᠨ ᠤ ᠨᠡᠭᠦᠳᠡᠯ ᠮᠠᠯᠵᠢᠯ ᠤᠨ ᠰᠤᠶᠤᠯ ᠵᠢᠭᠤᠯᠴᠢᠯᠠᠯ ᠤᠨ ᠨᠠᠶᠢᠷ《ᠨᠢᠭᠡ ᠭᠤᠤᠯ ᠲᠠᠯᠠᠪᠠᠢ᠂ ᠭᠤᠷᠪᠠᠨ ᠬᠤᠪᠢᠶᠠᠷᠢ ᠲᠠᠯᠠᠪᠠᠢ᠂ᠪᠦᠬᠦ ᠤᠷᠤᠨ ᠪᠦᠰᠨ ᠶᠢᠨ ᠬᠡᠪᠴᠢᠶᠡᠨ ᠳᠤ ᠵᠤᠭᠠᠴᠠᠯ ᠦᠷᠨᠢᠬᠦᠯᠬᠦ》 ᠰᠡᠳᠬᠢᠴᠡ ᠪᠠᠷ ᠶᠠᠪᠤᠭᠳᠠᠵᠦ᠂ ᠨᠡᠶᠢᠲᠡ 101 ᠲᠦᠷᠥᠯ ᠤᠨ ᠰᠤᠶᠤᠯ᠂ ᠲᠠᠮᠢᠷ᠂ ᠵᠢᠭᠤᠯᠴᠢᠯᠠᠯ᠂ ᠠᠵᠤ ᠠᠬᠤᠢ ᠶᠢᠨ ᠠᠷᠠᠯᠵᠢᠶᠠᠨ ᠤ ᠠᠵᠢᠯᠯᠠᠭ᠎ᠠ ᠦᠷᠨᠢᠬᠦᠯᠤᠨ᠂ ᠲᠦᠷᠪᠡᠨ ᠦᠵᠡᠮᠦᠷᠢ ᠳᠠᠢ ᠬᠢᠯᠠᠰ ᠴᠡᠭ ᠪᠤᠢ᠃

    7 ᠰᠠᠷ ᠎ᠠ ᠶᠢᠨ 15 -17 ᠤ ᠡᠳᠦᠷ ᠪᠤᠯᠲᠠᠯ᠎ᠠ ᠰᠤᠶᠤᠯ ᠵᠢᠭᠤᠯᠴᠢᠯᠠᠯ ᠤᠨ ᠨᠠᠶᠢᠷ ᠤᠨ ᠡᠬᠢᠯᠡᠯᠳᠡ ᠶᠢᠨ ᠶᠤᠰᠤᠯᠠᠯ ᠵᠢᠴᠢ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠬᠤᠷᠢᠨ ᠲᠤᠯᠤᠳᠤᠭᠠᠷ ᠬᠤᠭᠤᠴᠠᠭᠠᠨ ᠤ ᠨᠠᠭᠠᠳᠤᠮ ᠤᠨ ᠶᠡᠭᠡ ᠬᠤᠷᠠᠯ ᠪᠤᠯᠤᠨ᠎ᠠ᠃

    8 ᠰᠠᠷ᠎ᠠ ᠶᠢᠨ 13 -19 ᠤ ᠡᠳᠦᠷ ᠪᠤᠯᠲᠠᠯ᠎ᠠ ᠮᠠᠨᠳᠤᠯ ᠤᠨ ᠬᠤᠪᠢᠶᠠᠷᠢ ᠲᠠᠯᠠᠪᠠᠢ ᠳᠤ ᠭᠤᠷᠪᠠᠳᠤᠭᠠᠷ ᠬᠤᠭᠤᠴᠠᠭᠠᠨ ᠤ ᠮᠠᠨᠳᠤᠯ -- ᠬᠠᠩᠬᠢ ᠬᠢᠯᠢ ᠶᠢᠨ ᠪᠤᠭᠤᠮᠳᠠ ᠶᠢᠨ ᠰᠤᠶᠤᠯ ᠵᠢᠭᠤᠯᠴᠢᠯᠠᠯ ᠤᠨ ᠨᠠᠶᠢᠷ ᠵᠢᠴᠢ 2016 ᠤᠨ ᠤ ᠲᠤᠮᠳᠠᠳᠤ ᠮᠤᠩᠭᠤᠯ ᠤᠨ ᠮᠠᠰᠢᠨ ᠲᠡᠷᠭᠡᠨ ᠤ ᠬᠡᠭᠡᠷᠡᠯᠡᠨ ᠲᠠᠪᠬᠢᠬᠤ ᠪᠤᠤᠬᠢᠶ᠎ᠠ ᠤᠷᠤᠯᠳᠤᠭᠠᠨ ᠪᠤᠯᠤᠨ《ᠲᠦᠮᠡᠨ ᠭᠠᠵᠠᠷ ᠤᠨ ᠴᠠᠢ ᠶᠢᠨ ᠵᠠᠮ》 ᠲᠤᠮᠳᠠᠳᠤ ᠮᠤᠩᠭᠤᠯ ᠤᠷᠤᠰ ᠤᠨ ᠬᠢᠯᠢ ᠲᠠᠮᠨᠠᠭᠰᠠᠨ ᠮᠠᠰᠢᠨ ᠢᠶᠡᠷ ᠵᠢᠭᠤᠯᠴᠢᠯᠠᠬᠤ ᠠᠵᠢᠯᠯᠠᠭ᠎ᠠ ᠦᠷᠨᠢᠬᠦᠯᠦᠨ᠎ᠡ᠃

    8 ᠰᠠᠷ᠎ᠠ ᠶᠢᠨ 29 ᠤ ᠡᠳᠦᠷ᠂ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠮᠢᠩᠭᠠᠨ ᠪᠠᠯᠭᠠᠰᠤᠨ ᠤ ᠬᠤᠪᠢᠶᠠᠷᠢ ᠲᠠᠯᠠᠪᠠᠢ ᠳᠤ ᠲᠠᠪᠤᠳᠤᠭᠠᠷ ᠬᠤᠭᠤᠴᠠᠭᠠᠨ ᠤ ᠬᠠᠰᠠᠷ ᠤᠨ ᠲᠠᠬᠢᠯᠭ᠎ᠠ ᠶᠢᠨ ᠰᠤᠶᠤᠯ ᠤᠨ ᠨᠠᠶᠢᠷ ᠵᠢᠴᠢ ᠬᠠᠰᠠᠷ ᠤᠨ ᠲᠠᠭᠢᠯᠭ᠎ᠠ ᠶᠢᠨ ᠶᠤᠰᠤᠯᠠᠯ ᠪᠤᠯᠤᠨ᠎ᠠ᠃

    ᠤᠯᠤᠰ ᠤᠨ ᠪᠠᠶᠠᠷ ᠤᠨ ᠠᠮᠠᠷᠠᠯᠳᠠ ᠶᠢᠨ ᠬᠤᠭᠤᠴᠠᠭᠠᠨ ᠳᠤ ᠬᠤᠶᠠᠳᠤᠭᠠᠷ ᠬᠤᠭᠤᠴᠠᠭᠠᠨ ᠤ《ᠲᠠᠷᠬᠠᠨ ᠮᠤᠤᠮᠢᠩᠭᠠᠨ ᠬᠤᠨᠳᠠᠭᠠᠳᠤ》 ᠪᠦᠬᠦ ᠤᠷᠤᠨ ᠤ ᠪᠦᠬᠡ ᠶᠢᠨ ᠲᠡᠮᠡᠴᠡᠭᠡᠨ ᠪᠤᠯᠤᠨ᠎ᠠ᠃

ᠢᠷᠡᠯᠳᠡ᠄ ᠲᠤᠮᠳᠠᠳᠤ ᠤᠯᠤᠰ ᠤᠨ ᠮᠤᠩᠭᠤᠯ ᠬᠡᠯᠨ ᠤ ᠰᠤᠨᠢᠨ ᠮᠡᠳᠡᠭᠡ ᠶᠢᠨ ᠰᠦᠯᠵᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠩᠭ᠋ᠤᠯ ᠤᠨ ᠤᠳᠤᠭ ᠬᠤᠰᠢᠭᠤᠨ ᠤ ᠪᠠᠭᠠᠲᠤᠷ ᠤᠯᠠᠭᠠᠨ ᠤᠪᠤᠭ᠎ᠠ ᠶᠢᠨ ᠲᠠᠬᠢᠯᠭ᠎ᠠ ᠨᠢᠵᠢᠭᠡᠷ ᠪᠤᠯᠵᠦ ᠦᠩᠭᠡᠷᠡᠯ᠎ᠡ
  • ᠮᠤᠩᠭ᠋ᠤᠯ ᠰᠢᠳᠠᠷ᠎ᠠ ᠬᠡᠤᠬᠡᠳ ᠤᠨ ᠤᠷᠮ᠎ᠠ ᠶᠢ ᠲᠠᠳᠠᠵᠤ ᠪᠠᠶᠢᠨ᠎ᠠ
  • ᠦᠪᠦᠷ ᠮᠤᠨᠭᠭᠤᠯ ᠤᠨ ᠬᠤᠱᠤᠩ ᠤᠷᠠᠯᠢᠬ ᠤᠨ ᠠᠨᠭᠬᠠᠨ ᠤ ᠨᠠᠭᠠᠳᠤᠮ ᠪᠤᠯᠤᠯ᠎ᠠ
  • ᠦᠪᠦᠷ ᠮᠤᠨᠭᠭᠤᠯ ᠤᠨ ᠶᠡᠬᠡ ᠰᠤᠷᠭᠠᠭᠤᠯᠢ ᠶᠢᠨ ᠮᠤᠨᠭᠭᠤᠯ ᠤᠯᠤᠰ ᠢ ᠰᠤᠳᠤᠯᠬᠤ ᠬᠦᠷᠢᠶᠡᠯᠡᠩ ᠪᠠᠶᠢᠭᠤᠯᠤᠬᠳᠠᠪᠠ
关闭
010070230030000000000000011120691119162690