微信打开
蒙古文网站Logo
ᠰᠢᠨᠬᠤᠸᠠ ᠮᠤᠩᠭ᠋ᠤᠯ ᠨᠧᠲ

34 ᠳ᠋ᠤᠭᠡᠷ ᠬᠤᠭᠤᠴᠠᠭᠠᠨ ᠤ ᠳᠡᠯᠡᠬᠡᠢ ᠶᠢᠨ ᠤᠷᠠᠯᠢᠬ ᠤᠨ ᠲᠡᠦᠬᠡ ᠶᠢᠨ ᠶᠡᠬᠡ ᠬᠤᠷᠠᠯ ᠪᠡᠭᠡᠵᠢᠩ ᠳᠤ ᠪᠤᠯᠬᠤ ᠪᠡᠷ ᠪᠤᠢ

2016-07-26 16:57

    34 ᠳ᠋ᠤᠭᠡᠷ ᠬᠤᠭᠤᠴᠠᠭᠠᠨ ᠤ ᠳᠡᠯᠡᠬᠡᠢ ᠶᠢᠨ ᠤᠷᠠᠯᠢᠬ ᠤᠨ ᠲᠡᠦᠬᠡ ᠶᠢᠨ ᠶᠡᠬᠡ ᠬᠤᠷᠠᠯ 2016 ᠤᠨ ᠤ 9 ᠰᠠᠷ᠎ ᠠ ᠶᠢᠨ 16  ᠡᠴᠡ 20 ᠤ᠋ ᠡᠳᠦᠷ ᠪᠤᠯᠲᠠᠯ᠎ᠠ ᠪᠡᠭᠡᠵᠢᠩ ᠬᠤᠲᠠᠨ᠎ᠠ ᠬᠤᠷᠠᠯᠳᠤᠬᠤ ᠪᠡᠷ ᠪᠤᠢ᠃ ᠡᠨᠡᠬᠦ ᠬᠤᠷᠠᠯ ᠨᠢ ᠤᠳᠤ ᠦᠶ᠎ᠡ ᠶᠢᠨ ᠳᠤᠮᠳᠠᠳᠤ ᠤᠯᠤᠰ ᠤᠨ ᠰᠤᠶᠤᠯ ᠤᠨ ᠦᠷ᠎ᠡ ᠪᠦᠲᠦᠭᠡᠯ ᠢ ᠳᠡᠯᠡᠬᠡᠢ ᠳᠤ ᠲᠤᠯᠢᠳᠠᠭᠤᠯᠵᠦ᠂ ᠤᠷᠠᠯᠢᠬ ᠢᠶᠡᠷ ᠳᠠᠮᠵᠢᠨ ᠳᠤᠮᠳᠠᠳᠤ ᠤᠯᠤᠰ ᠢ ᠲᠠᠨᠢᠵᠦ ᠤᠶᠢᠯᠠᠭᠠᠭᠤᠯᠬᠤ ᠰᠠᠶᠢᠨ ᠲᠤᠬᠢᠶᠠᠯ ᠪᠤᠯᠬᠤ ᠶᠤᠮ᠃

    ᠳᠡᠯᠡᠬᠡᠢ ᠶᠢᠨ ᠤᠷᠠᠯᠢᠬ ᠤᠨ ᠲᠡᠦᠬᠡ ᠶᠢᠨ ᠶᠡᠬᠡ ᠬᠤᠷᠠᠯ ᠪᠤᠯ ᠳᠦᠷᠪᠡᠨ ᠵᠢᠯ ᠳᠤ ᠨᠢᠭᠡ ᠶᠠᠪᠤᠬᠳᠠᠳᠠᠬ ᠤᠯᠠᠨ ᠤᠯᠤᠰ ᠤᠨ ᠰᠤᠶᠤᠯ ᠤᠷᠠᠯᠢᠬ ᠤᠨ ᠬᠦᠷᠢᠶᠡᠨ ᠳᠡᠬᠢ ᠴᠢᠬᠤᠯᠠ ᠬᠤᠷᠠᠯ ᠪᠤᠯᠤᠨ᠎ᠠ᠃ 1873 ᠤᠨ ᠳᠤ ᠡᠬᠢᠯᠡᠵᠦ ᠬᠤᠷᠠᠯᠳᠤᠬᠰᠠᠨ ᠡᠴᠡ ᠨᠠᠭᠠᠰᠢ ᠨᠢᠭᠡᠨᠲᠡ 33 ᠬᠤᠭᠤᠴᠠᠭ᠎ᠠ ᠪᠠᠨ ᠠᠮᠵᠢᠯᠲᠠ ᠲᠠᠢ ᠬᠤᠷᠠᠯᠳᠤᠭᠤᠯᠵᠠᠢ᠃ ᠡᠨᠡᠬᠦ ᠬᠤᠷᠠᠯ ᠢ ᠨᠢᠭᠡᠲᠦᠭ᠍ᠰᠡᠨ ᠦᠨᠳᠦᠰᠦᠨ ᠤ ᠪᠠᠶᠢᠭᠤᠯᠭ᠎ᠠ ᠶᠢᠨ ᠪᠤᠯᠪᠠᠰᠤᠷᠠᠯ ᠰᠢᠨᠵᠢᠯᠡᠬᠦ ᠤᠬᠠᠭᠠᠨ ᠰᠤᠶᠤᠯ ᠤᠨ ᠵᠤᠬᠢᠶᠠᠨ ᠪᠠᠶᠢᠭᠤᠯᠤᠯᠲᠠ ᠶᠢᠨ ᠬᠤᠯᠪᠤᠭ᠎ᠠ ᠪᠠᠷᠢᠬᠤ ᠪᠠᠶᠢᠭᠤᠯᠤᠮᠵᠢ ᠶᠢᠨ ᠤᠯᠠᠨ ᠤᠯᠤᠰ ᠤᠨ ᠤᠷᠠᠯᠢᠬ ᠲᠡᠦᠬᠡ ᠶᠢᠨ ᠤᠬᠠᠭᠠᠨ ᠤ ᠨᠠᠶᠢᠭᠡᠮᠯᠢᠭ᠌(CIHA) ᠪᠤᠯᠤᠨ ᠬᠤᠷᠠᠯ ᠢ ᠰᠠᠨᠠᠭᠠᠴᠢᠯᠠᠬᠰᠠᠨ ᠤᠯᠤᠰ ᠬᠠᠮᠲᠤᠷᠠᠨ ᠵᠤᠬᠢᠶᠠᠨ ᠪᠠᠶᠢᠭᠤᠯᠳᠠᠬ ᠃ ᠲᠡᠷᠡ ᠨᠢ ᠤᠷᠠᠯᠢᠬ ᠤᠨ ᠲᠡᠦᠬᠡ ᠶᠢᠨ ᠬᠦᠷᠢᠶ᠎ᠠ ᠴᠠᠷ᠎ᠠ ᠳᠡᠬᠢ《ᠤᠯᠢᠮᠫᠢᠺ》ᠬᠡᠭ᠍ᠳᠡᠳᠡᠭ ᠢᠶᠡᠷ  ᠵᠤᠬᠢᠶᠠᠨ ᠪᠠᠶᠢᠭᠤᠯᠬᠤ ᠤᠯᠤᠰ ᠤᠨ ᠵᠠᠰᠠᠬ ᠤᠨ ᠤᠷᠳᠤᠨ ᠤ ᠳᠡᠮᠵᠢᠯᠭᠡ ᠵᠢ ᠶᠡᠬᠡᠪᠡᠷ ᠬᠦᠷᠲᠡᠲᠡᠭ᠃

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
  • ᠦᠪᠦᠷ ᠮᠣᠩᠭ᠋ᠤᠯ ᠤᠨ ᠬᠠᠮᠪᠤ ᠶᠢᠨ ᠡᠷᠳᠡᠨ ᠤ ᠪᠠᠭᠤᠷᠢ ᠶᠢᠨ ᠴᠡᠴᠡᠷᠯᠢᠭ᠌ ᠨᠡᠬᠡᠬᠡᠯᠳᠡ ᠪᠠᠨ ᠬᠢᠯ᠎ᠠ
关闭
010070230030000000000000011100001119284443