微信打开
蒙古文网站Logo
ᠰᠢᠨᠬᠤᠸᠠ ᠮᠤᠩᠭ᠋ᠤᠯ ᠨᠧᠲ

《ᠮᠤᠨᠭᠭᠤᠯ ᠦᠨᠳᠦᠰᠦᠲᠡᠨ ᠤ ᠵᠠᠭᠤᠨ ᠵᠢᠯ ᠤᠨ ᠳᠡᠮᠳᠡᠭᠯᠡᠯ》 ᠢ᠋ ᠡᠯᠰᠡᠨ ᠨᠠᠶᠢᠷᠠᠭᠤᠯᠬᠤ ᠬᠠᠮᠲᠤᠷᠠᠯᠴᠠᠭᠠᠨ ᠤ ᠬᠤᠷᠠᠯ ᠪᠤᠯᠪᠠ

2016-08-01 16:27

    7 ᠰᠠᠷ᠎ᠠ ᠶᠢᠨ 27 ᠤ᠋ ᠡᠳᠦᠷ᠂ 《ᠮᠤᠨᠭᠭᠤᠯ ᠦᠨᠳᠦᠰᠦᠲᠡᠨ ᠤ ᠵᠠᠭᠤᠨ ᠵᠢᠯ ᠤᠨ ᠳᠡᠮᠳᠡᠭᠯᠡᠯ》 ᠢ᠋ ᠡᠯᠰᠡᠨ ᠨᠠᠶᠢᠷᠠᠭᠤᠯᠬᠤ ᠬᠠᠮᠲᠤᠷᠠᠯᠴᠠᠭᠠᠨ ᠤ ᠬᠤᠷᠠᠯ ᠦᠪᠦᠷ ᠮᠤᠨᠭᠭᠤᠯ ᠤᠨ ᠤᠯᠠᠭᠠᠨᠬᠠᠳᠠ ᠬᠤᠲᠠ ᠳᠤ ᠪᠤᠯᠵᠦ ᠦᠩᠭᠡᠷᠡᠪᠡ᠃ ᠬᠤᠷᠠᠯ ᠡᠴᠡ 《ᠮᠤᠨᠭᠭᠤᠯ ᠦᠨᠳᠦᠰᠦᠲᠡᠨ ᠤ ᠵᠠᠭᠤᠨ ᠵᠢᠯ ᠤᠨ ᠳᠡᠮᠳᠡᠭᠯᠡᠯ》 ᠢ᠋ ᠡᠯᠰᠡᠨ ᠨᠠᠶᠢᠷᠠᠭᠤᠯᠬᠤ ᠲᠦᠰᠦᠪ ᠪᠠ ᠬᠦᠲᠦᠯᠪᠦᠷᠢ ᠵᠢ ᠪᠠᠲᠤᠯᠠᠵᠦ᠂ ᠡᠯᠰᠡᠨ ᠨᠠᠶᠢᠷᠠᠭᠤᠯᠬᠤ ᠪᠤᠳᠠᠳᠠᠢ ᠠᠵᠢᠯ ᠢ ᠰᠤᠳᠤᠯᠤᠨ ᠪᠠᠶᠢᠷᠢᠰᠢᠭᠤᠯᠵᠠᠢ᠃

    ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠰᠤᠶᠤᠯ ᠲᠡᠦᠬᠡ ᠪᠤᠯᠤᠨ ᠰᠤᠷᠤᠯᠴᠠᠬᠤ ᠺᠤᠮᠢᠰ ᠤᠨ ᠳᠡᠳ᠋ ᠡᠷᠬᠢᠯᠡᠭᠴᠢ ᠪᠢᠶᠠᠨ ᠵᠢᠨ ᠫᠢᠩ᠂ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠵᠧᠩ ᠹᠦ᠋ ᠲᠢᠶᠠᠨ ᠨᠠᠷ ᠬᠤᠷᠠᠯ ᠳᠤ ᠰᠠᠭᠠᠲᠠᠵᠦ ᠶᠠᠷᠢᠶ᠎ᠠ ᠲᠠᠯᠪᠢᠵᠠᠢ᠃ ᠪᠡᠭᠡᠵᠢᠩ᠂ ᠾᠧᠪᠧᠢ᠂ ᠯᠢᠶᠤᠨᠢᠩ᠂ ᠭᠢᠷᠢᠨ᠂ ᠬᠠᠷᠠᠮᠦ᠋ᠷᠡᠨ᠂ ᠰᠧᠴᠤᠸᠠᠨ᠂ ᠭᠦᠢᠵᠧᠦ᠂ ᠶᠦᠨᠨᠠᠨ᠂ ᠭᠠᠨᠰᠤ᠂ ᠬᠦᠬᠡᠨᠠᠭᠤᠷ ᠪᠤᠯᠤᠨ ᠰᠢᠨᠵᠢᠶᠠᠩ ᠵᠡᠷᠬᠡ 11 ᠮᠤᠵᠢ ᠬᠤᠲᠠ ᠶᠢᠨ ᠤᠯᠤᠰ ᠲᠦᠷᠦ ᠶᠢᠨ ᠵᠦᠪᠯᠡᠯᠭᠡᠨ ᠤ ᠤᠳᠤᠷᠢᠳᠤᠯᠭ᠎ᠠ᠂ ᠰᠤᠶᠤᠯ ᠲᠡᠦᠬᠡ ᠶᠢᠨ ᠺᠤᠮᠢᠰ ᠲᠠᠢ ᠬᠤᠯᠪᠤᠬᠳᠠᠬᠤ ᠠᠯᠪᠠᠨ ᠤ ᠬᠠᠷᠢᠭᠤᠴᠠᠯᠭᠠᠲᠠᠳ ᠪᠤᠯᠤᠨ ᠬᠡᠰᠡᠭ ᠮᠤᠵᠢ ᠤᠷᠤᠨ ᠤ ᠮᠤᠨᠭᠭᠤᠯ ᠦᠨᠳᠦᠰᠦᠲᠡᠨ ᠤ ᠦᠪᠡᠷᠲᠡᠭᠡᠨ ᠵᠠᠰᠠᠬᠤ ᠵᠧᠦ ᠶᠢᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠬᠤᠷᠠᠯ ᠳᠤ ᠤᠷᠤᠯᠴᠠᠪᠠ᠃

    ᠵᠧᠩ ᠹᠦ᠋ ᠲᠢᠶᠠᠨ ᠂ 《ᠮᠤᠨᠭᠭᠤᠯ ᠦᠨᠳᠦᠰᠦᠲᠡᠨ ᠤ ᠵᠠᠭᠤᠨ ᠵᠢᠯ ᠤᠨ ᠳᠡᠮᠳᠡᠭᠯᠡᠯ》 ᠢ᠋ ᠡᠯᠰᠡᠨ ᠨᠠᠶᠢᠷᠠᠭᠤᠯᠬᠤ ᠠᠵᠢᠯ ᠪᠤᠯ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠰᠤᠶᠤᠯ ᠲᠡᠦᠬᠡ ᠪᠠ ᠰᠤᠷᠤᠯᠴᠠᠬᠤ ᠺᠤᠮᠢᠰ ᠡᠴᠡ ᠵᠤᠬᠢᠶᠠᠨ ᠪᠠᠶᠢᠭᠤᠯᠤᠨ ᠨᠠᠶᠢᠷᠠᠭᠤᠯᠵᠦ ᠪᠠᠶᠢᠭ᠎ᠠ 《ᠳᠤᠮᠳᠠᠳᠤ ᠤᠯᠤᠰ ᠤᠨ ᠴᠦᠭᠡᠨ ᠲᠤᠭᠠᠲᠤ ᠦᠨᠳᠦᠰᠦᠳᠡᠨ ᠤ ᠰᠤᠶᠤᠯ ᠲᠡᠦᠬᠡ ᠶᠢᠨ ᠮᠠᠲ᠋ᠸᠷᠢᠶᠠᠯ ᠤᠨ ᠰᠢᠷᠢᠰ ᠨᠤᠮ》 ᠤ᠋ᠨ ᠴᠢᠬᠤᠯᠠ ᠪᠦᠷᠢᠯᠳᠦᠭᠦᠨ ᠬᠡᠰᠡᠭ ᠮᠦᠨ᠂ ᠮᠤᠨᠭᠭᠤᠯ ᠦᠨᠳᠦᠰᠦᠲᠡᠨ ᠤ ᠵᠠᠭᠤᠨ ᠵᠢᠯ ᠤᠨ ᠲᠤᠷᠰᠢᠬᠢ ᠭᠦᠭ᠍ᠵᠢᠯᠲᠡ ᠵᠢ ᠳᠡᠮᠳᠡᠭᠯᠡᠵᠦ᠂ ᠦᠨᠢ ᠤᠳᠠᠭᠠᠨ ᠲᠡᠦᠭᠡ ᠪᠠ ᠮᠤᠨᠭᠭᠤᠯ ᠦᠨ ᠤ ᠰᠤᠶᠤᠯ ᠤᠨ ᠦᠯᠡᠮᠵᠢ ᠪᠠᠶᠠᠯᠢᠬ ᠠᠭᠤᠯᠠᠬᠤᠨ ᠢ ᠳᠡᠯᠭᠡᠬᠦ ᠪᠡᠷ ᠵᠤᠷᠢᠯᠲᠠ ᠪᠠᠨ ᠪᠤᠯᠭᠠᠪᠠ᠃ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠬᠦᠴᠤᠨ ᠢᠶᠡᠨ ᠨᠢᠬᠲᠠᠷᠠᠭᠤᠯᠵᠦ᠂ ᠳᠠᠪᠠᠭᠤᠯᠢᠬ ᠢᠶᠡᠨ ᠪᠠᠳᠠᠷᠠᠭᠤᠯᠤᠨ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠡᠴᠡ ᠨᠠᠶᠢᠳᠠᠬᠰᠠᠨ ᠬᠠᠮᠢᠶ᠎ᠠ ᠪᠦᠬᠦᠢ ᠠᠵᠢᠯ ᠢ ᠰᠠᠶᠢᠲᠤᠷ ᠪᠡᠶᠡᠯᠡᠭᠦᠯᠵᠦ᠂ ᠬᠤᠯᠪᠤᠬᠳᠠᠬᠤ ᠡᠯ᠎ᠡ ᠠᠶᠢᠮᠠᠬ ᠬᠤᠲᠠ ᠶᠢᠨ ᠤᠯᠤᠰ ᠲᠦᠷᠦ ᠶᠢᠨ ᠵᠦᠪᠯᠡᠯᠭᠡᠨ ᠲᠠᠢ ᠰᠠᠶᠢᠲᠤᠷ ᠬᠠᠮᠵᠢᠯᠴᠠᠨ᠂ ᠲᠡᠦᠬᠡ ᠶᠢᠨ ᠦᠨᠡᠨ ᠢ ᠬᠠᠷᠠᠭᠤᠯᠤᠬᠰᠠᠨ ᠡᠨᠡᠬᠦ《ᠮᠤᠨᠭᠭᠤᠯ ᠦᠨᠳᠦᠰᠦᠲᠡᠨ ᠤ ᠵᠠᠭᠤᠨ ᠵᠢᠯ ᠤᠨ ᠳᠡᠮᠳᠡᠭᠯᠡᠯ》 ᠢ᠋ ᠪᠦᠲᠦᠭᠡᠵᠦ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠰᠤᠶᠤᠯ ᠲᠡᠦᠬᠡ ᠶᠢᠨ ᠺᠤᠮᠢᠰ ᠡᠴᠡ ᠲᠤᠭᠤᠷᠪᠢᠬᠤ ᠪᠤᠰᠤᠳ ᠴᠦᠭᠡᠨ ᠲᠤᠭᠠᠲᠤ ᠦᠨᠳᠦᠰᠦᠲᠡᠨ ᠤ ᠳᠡᠮᠳᠡᠭᠯᠡᠯ ᠤᠨ ᠬᠠᠮᠲᠤ ᠳᠤᠮᠳᠠᠳᠤ ᠶᠢᠨ ᠦᠨᠳᠦᠰᠦᠲᠡᠨ ᠤ ᠬᠦᠴᠢᠷ ᠢ ᠲᠤᠭᠤᠯᠵᠦ ᠠᠮᠵᠢᠯᠲᠠ ᠳᠤ ᠬᠦᠷᠦᠭ᠍ᠰᠡᠨ ᠪᠠ ᠬᠠᠶᠢᠨ ᠡᠷᠢᠯᠬᠢᠯᠡᠵᠦ ᠡᠷᠡᠯᠬᠡᠭ᠌ ᠢᠶᠡᠷ ᠤᠷᠤᠬᠰᠢᠯᠠᠬᠰᠠᠨ ᠵᠠᠭᠤᠨ ᠵᠢᠯ ᠤᠨ ᠲᠡᠦᠬᠡ ᠶᠢᠨ ᠪᠠᠲᠤ ᠭᠡᠷᠡᠴᠢ ᠪᠤᠯᠭᠠᠨ᠎ᠠ ᠭᠡᠵᠡᠢ᠃

    ᠪᠢᠶᠠᠨ ᠵᠢᠨ ᠫᠢᠩ ᠵᠢᠭᠠᠬᠤ ᠳᠠᠭᠠᠨ᠂ ᠰᠡᠭᠦᠯ ᠤᠨ ᠦᠶ᠎ᠡ ᠳᠤ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ 《ᠳᠤᠮᠳᠠᠳᠤ ᠤᠯᠤᠰ ᠤᠨ ᠴᠦᠭᠡᠨ ᠲᠤᠭᠠᠲᠤ ᠦᠨᠳᠦᠰᠦᠲᠡᠨ ᠤ ᠰᠤᠶᠤᠯ ᠲᠡᠦᠬᠡ ᠶᠢᠨ ᠮᠠᠲ᠋ᠸᠷᠢᠶᠠᠯ ᠤᠨ ᠰᠢᠷᠢᠰ ᠨᠤᠮ》 ᠤ᠋ᠨ ᠨᠠᠶᠢᠷᠠᠭᠤᠯᠵᠦ ᠬᠡᠪᠯᠡᠬᠦ ᠠᠵᠢᠯ ᠢ ᠤᠯᠠᠮ ᠴᠢᠬᠤᠯᠠᠴᠢᠯᠠᠪᠠ᠂ ᠲᠤᠰ ᠰᠢᠷᠢᠰ ᠨᠤᠮ ᠨᠢ ᠡᠯ᠎ᠡ ᠦᠨᠳᠦᠰᠦᠲᠡᠨ ᠤ ᠬᠠᠮᠲᠤᠪᠡᠷ ᠴᠤᠬᠴᠠᠯᠠᠬᠰᠠᠨ ᠳᠤᠮᠳᠠᠳᠤ ᠶᠢᠨ ᠦᠨᠳᠦᠰᠦᠲᠡᠨ ᠤ ᠭᠡᠷᠡᠯ ᠰᠠᠴᠤᠷᠠᠨᠭᠭᠤᠢ ᠰᠤᠶᠤᠯ ᠲᠡᠦᠬᠡ ᠵᠢ ᠲᠤᠳᠤᠷᠠᠭᠤᠯᠵᠦ᠂ ᠦᠨᠳᠦᠰᠦᠲᠡᠨ ᠨᠤᠭᠦᠳ ᠤᠨ ᠪᠦᠯᠬᠦᠮᠳᠡᠯ ᠪᠠ ᠨᠡᠶᠢᠭᠡᠮ ᠤᠨ ᠠᠶᠤᠯᠭᠦᠢ ᠵᠢ ᠠᠬᠢᠭᠤᠯᠬᠤ ᠳᠤ ᠴᠢᠬᠤᠯᠠ ᠠᠴᠢ ᠬᠤᠯᠪᠤᠬᠳᠠᠯ ᠲᠠᠢ ᠶᠤᠮ᠃ ᠡᠯ᠎ᠡ ᠱᠠᠲᠤᠨ ᠤ ᠰᠤᠶᠤᠯ ᠲᠡᠦᠬᠡ ᠶᠢᠨ ᠠᠵᠢᠯᠲᠠᠳ ᠬᠦᠴᠢᠷ ᠡᠴᠡ ᠠᠶᠤᠬᠤ ᠦᠭᠡᠢ᠂ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠨᠭᠭᠠᠳᠬᠠᠵᠦ᠂ ᠬᠦᠴᠦ ᠤᠷᠤᠭᠤᠯᠤᠨ ᠡᠯᠰᠡᠨ ᠨᠠᠶᠢᠷᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ ᠭᠡᠵᠡᠢ᠃ ᠲᠡᠷᠡᠪᠡᠷ ᠪᠠᠰᠠ᠂ 《ᠮᠤᠨᠭᠭᠤᠯ ᠦᠨᠳᠦᠰᠦᠲᠡᠨ ᠤ ᠵᠠᠭᠤᠨ ᠵᠢᠯ ᠤᠨ ᠲᠡᠦᠬᠡ ᠶᠢᠨ ᠳᠡᠮᠳᠡᠭᠯᠡᠯ》 ᠪᠤᠯ ᠮᠤᠨᠭᠭᠤᠯ ᠦᠨᠳᠦᠰᠦᠲᠡᠨ ᠤ ᠵᠠᠭᠤᠨ ᠵᠢᠯ ᠤᠨ ᠬᠦᠭ᠍ᠵᠢᠯᠲᠡ ᠶᠢᠨ ᠭᠡᠷᠡᠴᠢ᠂ ᠠᠪᠤᠷᠠᠯᠲᠠ ᠶᠢᠨ ᠰᠢᠨᠵᠢᠲᠡᠢ ᠠᠵᠢᠯ᠂ ᠤᠯᠠᠨ ᠲᠤᠰᠤᠮ ᠢᠶᠡᠨ ᠰᠠᠶᠢᠨ᠂ ᠦᠷᠭᠡᠨ ᠬᠡᠪᠴᠢᠶ᠎ᠠ ᠲᠠᠢ ᠡᠬᠡ ᠪᠢᠴᠢᠭ᠌ ᠡᠯᠰᠡᠬᠦ᠂ ᠪᠤᠷᠤᠬᠵᠢᠭᠤᠨ ᠰᠢᠯᠤᠭᠤᠨ ᠢᠯᠡᠳᠬᠡᠬᠦ᠂ ᠬᠡᠯᠪᠡᠷᠢ ᠵᠠᠬᠪᠤᠷ ᠲᠤ ᠪᠠᠷᠢᠬᠳᠠᠬᠤ ᠦᠭᠡᠢ᠂ ᠬᠡᠳᠦᠷᠬᠡᠢ ᠵᠠᠰᠠᠯᠲᠠ ᠤᠷᠤᠭᠤᠯᠬᠤ ᠦᠭᠡᠢ᠂ ᠤᠯᠤᠰ ᠲᠦᠷᠦ ᠵᠢᠨ ᠵᠦᠪᠯᠡᠯᠬᠡᠨ ᠪᠠ ᠨᠢᠭᠡᠳᠦᠮᠡᠯ ᠹᠷᠤᠨᠲ᠋ ᠤᠨ ᠤᠨᠴᠠᠯᠢᠬ ᠲᠠᠢ ᠲᠡᠦᠬᠡ ᠶᠢᠨ ᠪᠢᠴᠢᠭ᠌ ᠰᠤᠳᠤᠷ ᠢ ᠪᠢᠴᠢᠭ᠍ᠯᠡᠬᠦ ᠬᠡᠷᠡᠭᠲᠡᠢ ᠭᠡᠪᠡ᠃

ᠢᠷᠡᠯᠳᠡ᠄ ᠳᠤᠮᠳᠠᠳᠤ ᠤᠯᠤᠰ ᠤᠨ ᠲᠦᠪᠡᠳ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠬᠠᠰᠠᠷ ᠬᠢᠭᠡᠳ ᠬᠤᠷᠴᠢᠨ ᠤ ᠲᠡᠦᠬᠡ ᠰᠤᠶᠤᠯ ᠤᠨ ᠡᠷᠲᠡᠮ ᠰᠢᠨᠵᠢᠯᠡᠭᠡᠨ ᠤ ᠬᠤᠷᠠᠯ ᠪᠤᠯᠪᠠ
  • ᠮᠤᠨᠭᠭᠤᠯ ᠤᠯᠤᠰ ᠤᠨ ᠺᠠᠷᠲ᠋ᠤᠨ ᠬᠡᠤᠬᠡᠯᠳᠡᠢ ᠨᠤᠮ《ᠴᠢᠩᠬᠢᠰ ᠬᠠᠭᠠᠨ》ᠮᠤᠨᠭᠭᠤᠯ ᠬᠢᠳᠠᠳ ᠪᠢᠴᠢᠭ᠌ ᠢᠶᠡᠷ ᠬᠡᠪᠯᠡᠭᠳᠡᠨ ᠤᠩᠰᠢᠭᠴᠢᠳ ᠲᠠᠢ ᠵᠤᠯᠭᠠᠯ᠎ᠠ
  • ᠳ᠋ᠤ᠋﹒ᠳᠦᠮᠡᠨᠪᠠᠶᠠᠷ ᠪᠦᠬᠦ ᠤᠯᠤᠰ ᠤᠨ ᠠᠷᠪᠠᠨ ᠨᠡᠷᠡᠳᠦ ᠤᠩᠰᠢᠭᠴᠢ ᠶᠢᠨ ᠨᠢᠭᠡᠨ ᠢᠶᠡᠷ ᠲᠤᠳᠤᠷᠠᠯ᠎ᠠ
  • ᠦᠪᠦᠷ ᠮᠤᠩᠭ᠋ᠤᠯ ᠤᠨ ᠤᠳᠤᠭ ᠬᠤᠰᠢᠭᠤᠨ ᠤ ᠪᠠᠭᠠᠲᠤᠷ ᠤᠯᠠᠭᠠᠨ ᠤᠪᠤᠭ᠎ᠠ ᠶᠢᠨ ᠲᠠᠬᠢᠯᠭ᠎ᠠ ᠨᠢᠵᠢᠭᠡᠷ ᠪᠤᠯᠵᠦ ᠦᠩᠭᠡᠷᠡᠯ᠎ᠡ
关闭
010070230030000000000000011100001119316933