微信打开
蒙古文网站Logo
ᠰᠢᠨᠬᠤᠸᠠ ᠮᠤᠩᠭ᠋ᠤᠯ ᠨᠧᠲ

ᠪᠠᠷ ᠵᠢᠷᠤᠭ  ᠶᠢᠡᠷ ᠶᠢᠡᠨ ᠪᠠᠬᠠᠷᠬᠠᠵᠤ ᠶᠠᠪᠤᠭ᠎ᠠ ᠥᠲᠡᠭᠦᠰ

2016-08-18 08:42

    ᠰᠢᠨᠬᠤᠧᠠ ᠮᠣᠩᠭᠣᠯ ᠨᠧᠲ  8 ᠰᠠᠷ᠎᠎ᠠ ᠶᠢᠨ 17 ᠤ ᠡᠳᠦᠷ ᠤᠨ ᠲᠦᠩᠯᠢᠶᠤᠤ ᠶᠢᠨ ᠴᠠᠬᠢᠯᠭᠠᠨ ᠮᠡᠳᠡᠭᠡ ᠵᠢᠷᠢᠮ ᠤᠨ ᠪᠠᠷ ᠵᠢᠷᠤᠭ ᠨᠢ ᠡᠷᠴᠢᠯᠢᠭ᠂ ᠢᠳᠡᠯᠢᠭ᠂ ᠪᠤᠷᠤᠭᠵᠢᠭᠤᠨ᠂ ᠡᠷᠬᠢᠮᠰᠦᠭ ᠢᠶᠡᠷ ᠢᠶᠡᠨ ᠬᠤᠷᠴᠢᠨ ᠰᠤᠶᠤᠯ ᠤᠨ ᠨᠢᠭᠡᠨ ᠠᠭᠤᠯᠭ᠎ᠠ ᠪᠤᠯᠵᠤ ᠪᠠᠶᠢᠳᠠᠭ᠃ ᠭᠡᠬᠦ  ᠳᠤ ᠪᠠᠨ ᠵᠢᠷᠢᠮ ᠤᠨ ᠪᠠᠷ ᠵᠢᠷᠤᠭ ᠤᠨ ᠴᠢᠬᠤᠯᠠ ᠨᠢᠭᠡ ᠪᠦᠷᠢᠯᠳᠦᠭᠦᠨ ᠨᠠᠢᠮᠠᠨ ᠤ ᠪᠠᠷ ᠵᠢᠷᠤᠭ ᠢ ᠵᠠᠪᠠᠯ ᠳᠤᠷᠠᠳᠬᠤ ᠴᠢᠬᠤᠯᠠ ᠲᠠᠢ᠃ ᠨᠠᠢᠮᠠᠨ ᠤ ᠪᠠᠷ  ᠵᠢᠷᠤᠭ ᠨᠢ ᠳᠡᠭᠡᠷ᠎ᠡ ᠵᠠᠭᠤᠨ ᠤ ᠳᠠᠯᠠᠭᠠᠳ ᠤᠨ ᠤ ᠦᠶ᠎ᠠ ᠪᠡᠷ ᠡᠬᠢᠯᠡᠵᠤ᠂ ᠠᠷᠠᠳ ᠤᠨ ᠤᠷᠠᠯᠢᠭᠴᠢᠨ ᠪᠤᠤ ᠱᠢ ᠵᠦ ᠪᠡᠷ ᠲᠦᠯᠦᠭᠡᠯᠡᠭᠦᠯᠦᠭᠰᠡᠨ ᠠᠬᠠᠮᠠᠳ ᠨᠢᠭᠡ ᠦᠶ᠎ᠡ ᠶᠢᠨ ᠬᠢᠨ ᠤᠶᠢᠭ᠎ᠠ ᠦᠭᠡᠢ ᠴᠢᠷᠮᠠᠶᠢᠯᠭ᠎ᠠ ᠪᠠ ᠬᠢᠴᠢᠶᠠᠨ ᠵᠢᠳᠭᠦᠯᠲᠠ ᠪᠡᠷ ᠶᠢᠡᠨ ᠨᠠᠢᠮᠠᠨ ᠤ ᠪᠠᠷ  ᠵᠢᠷᠤᠭ ᠢ ᠬᠦᠭ᠍ᠵᠢᠭᠦᠯᠬᠦ ᠰᠠᠭᠤᠷᠢ ᠶᠢ ᠲᠠᠯᠪᠢᠭᠰᠠᠨ ᠢᠶᠡᠷ ᠪᠠᠷᠠᠬᠤ ᠦᠭᠡᠢ ᠵᠢᠷᠢᠮ ᠤᠨ ᠪᠠᠷ ᠵᠢᠷᠤᠭ ᠤᠨ ᠬᠦᠭ᠍ᠵᠢᠯᠲᠠ ᠳᠤ ᠨᠢᠭᠡ ᠮᠦᠷᠦᠨ ᠤ ᠬᠦᠴᠦ ᠪᠡᠨ ᠡᠷᠭᠦᠵᠠᠢ᠃

    ᠨᠠᠢᠮᠠᠨ ᠤ ᠪᠠᠷ ᠵᠢᠷᠤᠭ ᠨᠢ ᠬᠤᠷᠴᠢᠨ ᠨᠤᠲᠤᠭ ᠤᠨ ᠪᠠᠶᠢᠭᠠᠯᠢ ᠶᠢᠨ ᠦᠩᠭᠡ ᠦᠵᠡᠮᠵᠢ ᠰᠤᠶᠤᠯ ᠢᠷᠭᠡᠨᠰᠢᠯ ᠳᠦ ᠰᠠᠭᠤᠷᠢᠯᠠᠨ ᠰᠡᠳᠦᠪ ᠰᠲ᠋ᠢᠯᠢ᠂ ᠠᠷᠭ᠎ᠠ ᠬᠡᠯᠪᠡᠷᠢ ᠶᠢᠨ ᠬᠣᠪᠢ ᠳᠤ ᠤᠯᠠᠨ ᠶᠠᠩᠵᠤ ᠪᠡᠷ ᠤᠨᠴᠠᠯᠠᠭᠳᠠᠳᠠᠭ᠃ ᠨᠡᠷᠡᠲᠤ ᠪᠠᠷ ᠵᠢᠷᠤᠭᠴᠢᠨ ᠠᠨ ᠭᠤᠧᠠᠩ ᠶ᠊ᠢᠤ ᠮᠠᠨ ᠤ ᠰᠤᠷᠪᠤᠯᠵᠢᠯᠠᠭ᠎ᠠ ᠶᠢ ᠬᠦᠯᠢᠶᠡᠨ᠄《ᠨᠠᠢᠮᠠᠨ ᠤ ᠪᠠᠷ  ᠵᠢᠷᠤᠭ ᠤᠷᠠᠨ ᠦᠵᠦᠭ᠌ ᠲᠦ ᠠᠭᠤᠰᠴᠤ᠂ ᠬᠢᠲᠤᠭᠠᠨ ᠤ ᠦᠵᠦᠭᠦᠷ ᠲᠦ ᠢᠯᠡᠷᠡᠳᠡᠭ ᠦᠨᠳᠦᠰᠦᠲᠡᠨ ᠤ ᠦᠪᠡᠷᠮᠢᠴᠡ ᠬᠡᠪ ᠨᠠᠮᠪᠠ ᠲᠠᠢ ᠪᠠᠶᠢᠳᠠᠭ᠂ ᠮᠣᠩᠭᠣᠯ ᠦᠨᠳᠦᠰᠦᠲᠡᠨ ᠤ ᠰᠤᠶᠤᠯ ᠤᠷᠠᠯᠢᠭ ᠤᠨ ᠷᠢᠳᠢ ᠰᠢᠳᠢ ᠶᠢ ᠳᠤᠪᠤᠶᠢᠯᠭᠠᠳᠠᠭ ᠢᠶᠡᠷ ᠪᠠᠷᠠᠬᠤ ᠦᠭᠡᠢ ᠢᠯᠡ ᠲᠤᠳᠤ ᠤᠷᠤᠨ ᠨᠤᠲᠤᠭ ᠤᠨ ᠤᠨᠴᠠᠯᠢᠭ ᠲᠠᠢ》ᠭᠡᠯ᠎ᠠ᠃ ᠰᠡᠭᠦᠯ ᠤᠨ ᠵᠢᠯ ᠤᠳ ᠲᠤ ᠨᠠᠢᠮᠠᠨ ᠤ ᠪᠠᠷ ᠵᠢᠷᠤᠭ ᠨᠢ ᠤᠳᠠᠭᠠᠨ ᠵᠢᠯ ᠤᠨ ᠪᠦᠲᠦᠭᠡᠯ ᠤᠨ ᠲᠤᠭᠤᠷᠪᠢᠯᠲᠠ ᠪᠠ ᠤᠷᠠᠯᠢᠭ ᠤᠨ ᠲᠤᠨᠤᠳᠠᠰᠤ ᠪᠡᠷ ᠤᠷᠤᠨ᠂ ᠤᠯᠤᠰ ᠳᠠᠶᠠᠭᠠᠷ ᠴᠢᠨᠠᠭᠰᠢᠯᠠᠪᠠᠯ ᠳᠡᠯᠡᠬᠡᠢ ᠶᠢᠨ ᠬᠡᠮᠵᠢᠶᠡᠨ ᠤ ᠦᠵᠡᠰᠭᠦᠯᠡᠩ ᠳᠦ ᠤᠷᠤᠯᠴᠠᠵᠤ ᠤᠯᠠᠨᠲᠠ ᠱᠠᠩᠨᠠᠨ ᠬᠦᠬᠢᠭᠦᠯᠦᠭᠳᠡᠪᠡ᠃

    ᠬᠠᠭᠠᠰ ᠵᠠᠭᠤᠨ ᠤ ᠲᠤᠷᠰᠢ ᠨᠠᠢᠮᠠᠨ ᠤ ᠪᠠᠷ  ᠵᠢᠷᠤᠭ ᠤᠨ ᠪᠦᠲᠦᠭᠡᠯ ᠬᠡᠳᠦᠨ ᠮᠢᠩ᠌ᠭ᠎ᠠ ᠬᠦᠷᠴᠤ᠂ ᠠᠬᠠᠮᠠᠳ ᠤᠷᠠᠯᠢᠭᠴᠢᠳ ᠢᠶᠡᠷ ᠲᠦᠷᠦᠭᠦᠯᠦᠭᠦᠯᠦᠨ ᠵᠠᠯᠠᠭᠤ ᠢᠳᠡᠷ ᠵᠢᠷᠤᠭᠴᠢᠳ ᠢᠶᠡᠷ ᠨᠢᠷᠤᠭᠤᠪᠴᠢ ᠪᠤᠯᠭᠠᠵᠤ᠂ ᠬᠡᠤᠬᠡᠳ ᠪᠠᠭᠠᠴᠤᠳ  ᠵᠠᠯᠭᠠᠮᠵᠢᠯᠠᠭᠰᠠᠨ ᠵᠢᠷᠤᠭᠴᠢᠳ ᠤᠨ ᠡᠩᠨᠡᠭᠡ ᠶᠢ ᠪᠦᠷᠢᠯᠳᠦᠭᠦᠯᠤᠭ᠍ᠰᠠᠨ ᠪᠦᠬᠡᠳ ᠤᠯᠠᠮᠵᠢᠯᠠᠯ ᠪᠠ ᠬᠦᠭ᠍ᠵᠢᠭᠦᠯᠦᠯ ᠢ ᠬᠢᠴᠢᠶᠡᠵᠤ᠂ ᠳᠡᠭᠡᠷ᠎᠎ᠠ ᠵᠠᠭᠤᠨ ᠤ ᠨᠠᠶᠠᠭᠠᠳ ᠤᠨ ᠡᠴᠡ ᠡᠬᠢᠯᠡᠨ ᠬᠡᠤᠬᠡᠳ ᠤᠨ ᠪᠠᠷ ᠵᠢᠷᠤᠭ ᠤᠨ ᠦᠢᠯᠡᠰ ᠢ ᠡᠷᠬᠢᠯᠡᠵᠡᠢ᠃ ᠤᠳᠤᠬᠠᠨ ᠳᠦ ᠪᠠᠷ ᠵᠢᠷᠤᠭ ᠨᠢ ᠨᠠᠢᠮᠠᠨ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠠᠭᠤᠯᠭ᠎ᠠ  ᠳᠤ ᠤᠷᠤᠬᠰᠠᠨ ᠡᠴᠡ ᠪᠠᠷ  ᠵᠢᠷᠤᠭ ᠤᠨ ᠤᠷᠠᠯᠢᠭ ᠢᠶᠡᠨ ᠤᠯᠠᠮᠵᠢᠯᠠᠨ ᠵᠠᠯᠭᠠᠮᠵᠢᠯᠠᠵᠤ ᠬᠦᠭ᠍ᠵᠢᠭᠦᠯᠬᠦ ᠴᠢᠬᠤᠯᠠ ᠠᠴᠢᠶᠠᠯᠠᠪᠤᠷᠢ ᠪᠤᠯᠵᠠᠢ᠃ 2014 ᠤᠨ ᠳᠦ ᠨᠠᠢᠮᠠᠨ ᠤ ᠪᠠᠷ ᠵᠢᠷᠤᠭ ᠤᠨ ᠪᠦᠲᠦᠭᠡᠯ  ᠤᠨ ᠰᠠᠭᠤᠷᠢᠨ  ᠨᠢ《 ᠤᠯᠤᠰ ᠳᠠᠶᠠᠭᠠᠷ ᠤᠨ ᠬᠡᠤᠬᠡᠳ ᠪᠠᠭᠠᠴᠤᠳ ᠤᠨ ᠪᠠᠷ  ᠵᠢᠷᠤᠭ ᠤᠨ ᠰᠤᠷᠭᠠᠨ ᠬᠦᠮᠦᠵᠢᠯ ᠤᠨ ᠵᠢᠱᠢᠶ᠎ᠠ ᠦᠵᠡᠭᠦᠯᠬᠦ ᠰᠠᠭᠤᠷᠢᠨ ᠭᠠᠵᠠᠷ》 ᠢᠶᠡᠷ ᠦᠨᠡᠯᠡᠭᠳᠡᠪᠡ᠃

    ᠨᠠᠢᠮᠠᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠤᠷᠳᠦᠨ ᠪᠠᠷ ᠵᠢᠷᠤᠭ ᠤᠨ ᠤᠯᠠᠮᠵᠢᠯᠠᠯ ᠬᠦᠭ᠍ᠵᠢᠯᠲᠠ ᠶᠢ ᠴᠢᠬᠤᠯᠠᠴᠢᠯᠠᠨ ᠦᠵᠡᠵᠤ《 ᠠᠬᠤᠢ ᠠᠮᠢᠳᠤᠷᠠᠯ ᠢ ᠪᠠᠶᠠᠯᠢᠭᠵᠢᠭᠤᠯᠬᠤ᠂ ᠨᠡᠷᠡᠲᠤ ᠲᠡᠮᠳᠡᠭᠲᠤ ᠶᠢ ᠪᠤᠢ ᠪᠤᠯᠭᠠᠬᠤ᠂ ᠰᠤᠯᠢᠯᠴᠠᠭ᠎ᠠ ᠶᠢ ᠠᠬᠢᠭᠤᠯᠬᠤ᠂ ᠠᠵᠤ ᠦᠢᠯᠡᠰ ᠢ ᠬᠦᠭ᠍ᠵᠢᠭᠦᠯᠬᠦ᠂ ᠡᠩᠨᠡᠭᠡ ᠪᠡᠨ ᠪᠤᠯᠪᠠᠰᠤᠷᠠᠭᠤᠯᠬᠤ》 5 ᠠᠷᠭ᠎ᠠ ᠶᠢᠨ ᠳᠠᠭᠠᠤ 200 ᠭᠠᠷᠤᠢ ᠮᠦ ᠭᠠᠵᠠᠷ ᠤᠨ 4536 ᠺᠦᠧᠠᠳ᠋ ᠮᠧᠲ᠋ᠷ ᠪᠦᠬᠦᠢ ᠪᠠᠷ ᠵᠢᠷᠤᠭ ᠤᠨ ᠪᠦᠲᠦᠭᠡᠯ ᠲᠤᠭᠤᠷᠪᠢᠬᠤ ᠤᠷᠠᠨ ᠵᠢᠷᠤᠭ ᠤᠨ ᠬᠦᠷᠢᠶᠡᠯᠡᠩ ᠢ ᠪᠠᠶᠢᠭᠤᠯᠵᠤ ᠦᠭ᠍ᠪᠡ᠃ ᠨᠠᠢᠮᠠᠨ ᠨᠤᠲᠤᠭ ᠤᠨ ᠦᠪ ᠵᠤᠵᠠᠭᠠᠨ ᠲᠡᠤᠬᠡ ᠰᠤᠶᠤᠯ᠂ ᠬᠦᠮᠦᠨ ᠠᠷᠠᠳ ᠤᠨ ᠢᠶᠡᠨ ᠰᠡᠳᠬᠢᠯ ᠤᠨ ᠭᠦᠨ ᠳᠦ ᠬᠠᠲᠠᠩᠰᠢᠭᠰᠠᠨ ᠪᠡᠷ ᠵᠢᠷᠤᠭ ᠨᠢ ᠲᠦᠷᠦ ᠶᠢᠨ ᠪᠤᠳᠤᠯᠭ᠎ᠠ ᠶᠢᠨ ᠲᠤᠶᠠᠭᠠᠯᠠᠯ ᠢᠶᠡᠷ ᠠᠬᠠᠮᠠᠳ ᠤᠷᠠᠯᠢᠭᠴᠢᠳ ᠤᠨ ᠰᠢᠷᠭᠠᠭᠤ ᠬᠦᠳᠡᠯᠮᠦᠷᠢ᠂ ᠵᠠᠯᠠᠭᠤ ᠪᠠᠭᠠᠴᠤᠳ ᠤᠨ ᠬᠢᠴᠢᠶᠠᠨ ᠵᠢᠳᠭᠦᠯᠭᠡ ᠪᠠᠷ ᠨᠡᠩ ᠰᠠᠶᠢᠨ ᠰᠠᠶᠢᠬᠠᠨ ᠢᠷᠡᠭᠡᠳᠦᠢ ᠲᠠᠢ ᠪᠤᠯᠬᠤ ᠨᠢ ᠭᠠᠷᠴᠠᠭ᠎ᠠ ᠦᠭᠡᠢ᠃ ᠵᠢᠷᠠ ᠶᠢᠨ ᠳᠠᠪᠠᠭ᠎ᠠ  ᠲᠠᠪᠠᠵᠤ ᠳᠠᠯᠠᠠ  ᠨᠠᠰᠤᠨ ᠳᠤ ᠲᠦᠬᠦᠵᠤ ᠶᠠᠪᠤᠭ᠎ᠠ ᠨᠡᠷᠡᠲᠤ ᠪᠠᠷ ᠵᠢᠷᠤᠭᠴᠢᠨ ᠠᠨ ᠭᠤᠧᠠᠩ ᠶ᠊ᠢᠤ《 ᠠᠵᠢᠯ ᠡᠴᠡ ᠪᠡᠨ ᠳᠠᠷᠬᠠᠯᠠᠭᠳᠠᠭᠰᠠᠨ ᠴᠤ ᠪᠠᠷ ᠵᠢᠷᠤᠭ ᠶᠢᠡᠨ ᠭᠡᠪᠡᠯ ᠤᠷᠮ᠎ᠠ ᠵᠤᠷᠢᠭ ᠤᠷᠭᠢᠯᠤᠭᠠᠳ ᠪᠠᠶᠢᠬᠤ ᠨᠢ ᠰᠠᠶᠢᠬᠠᠨ ᠶᠤᠮ ᠳ᠋ᠡ ︕ ᠪᠠᠷ ᠵᠢᠷᠤᠭ ᠢᠶᠡᠨ ᠰᠠᠶᠢᠨ ᠰᠤᠷᠴᠤ ᠨᠡᠩ ᠴᠢᠨᠠᠬᠰᠢᠲᠠ ᠤᠯᠠᠮᠵᠢᠯᠠᠨ ᠳᠡᠯᠭᠡᠷᠡᠭᠦᠯᠬᠦ ᠶᠢ ᠵᠠᠯᠠᠭᠤ ᠨᠢᠭᠡ ᠦᠶ᠎ᠡ ᠶᠢᠨ ᠬᠢᠨ ᠳᠤ ᠪᠠᠨ ᠯᠡ ᠨᠠᠶᠢᠳᠠᠶ᠎ᠠ》ᠭᠡᠵᠤ ᠤᠳᠬ᠎ᠠ ᠭᠦᠨ ᠶᠠᠷᠢᠵᠤ ᠪᠢᠯᠡ᠃ ᠨᠠᠢᠮᠠᠨ ᠤ ᠪᠠᠷ ᠵᠢᠷᠤᠭ ᠤᠨ ᠰᠠᠶᠢᠬᠠᠨ ᠪᠦᠲᠦᠭᠡᠯ  ᠶᠢᠡᠷ ᠨᠧᠲ ᠠᠰᠢᠭᠯᠠᠭᠴᠢᠳ ᠤᠨ ᠢᠶᠡᠨ ᠭᠡᠭᠡᠨ ᠮᠡᠯᠡᠮᠡᠢ ᠶᠢ ᠮᠢᠯᠢᠶᠠᠶ᠎ᠠ︕ᠲᠠᠭᠠᠯᠠᠨ ᠪᠤᠯᠭᠤᠮᠤ︕

ᠢᠷᠡᠯᠳᠡ᠄ ᠰᠢᠨᠬᠤᠧᠠ ᠮᠣᠩᠭᠣᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠪᠠᠷ ᠵᠢᠷᠤᠭ  ᠶᠢᠡᠷ ᠶᠢᠡᠨ ᠪᠠᠬᠠᠷᠬᠠᠵᠤ ᠶᠠᠪᠤᠭ᠎ᠠ ᠥᠲᠡᠭᠦᠰ
  • ᠬᠠᠰᠠᠷ ᠬᠢᠭᠡᠳ ᠬᠤᠷᠴᠢᠨ ᠤ ᠲᠡᠦᠬᠡ ᠰᠤᠶᠤᠯ ᠤᠨ ᠡᠷᠲᠡᠮ ᠰᠢᠨᠵᠢᠯᠡᠭᠡᠨ ᠤ ᠬᠤᠷᠠᠯ ᠪᠤᠯᠪᠠ
  • ᠮᠤᠨᠭᠭᠤᠯ ᠤᠯᠤᠰ ᠤᠨ ᠺᠠᠷᠲ᠋ᠤᠨ ᠬᠡᠤᠬᠡᠯᠳᠡᠢ ᠨᠤᠮ《ᠴᠢᠩᠬᠢᠰ ᠬᠠᠭᠠᠨ》ᠮᠤᠨᠭᠭᠤᠯ ᠬᠢᠳᠠᠳ ᠪᠢᠴᠢᠭ᠌ ᠢᠶᠡᠷ ᠬᠡᠪᠯᠡᠭᠳᠡᠨ ᠤᠩᠰᠢᠭᠴᠢᠳ ᠲᠠᠢ ᠵᠤᠯᠭᠠᠯ᠎ᠠ
关闭
010070230030000000000000011100001119410515