蒙古文网站Logo
ᠰᠢᠨᠬᠤᠸᠠ ᠮᠤᠩᠭ᠋ᠤᠯ ᠨᠧᠲ

25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ

2016-09-22 17:18

    ᠰᠢᠨᠬᠤᠸᠠ ᠬᠤᠷᠢᠶ᠎ᠠ  ᠱᠢ ᠵᠢᠶᠠ ᠵᠤᠸᠠᠨᠩ ᠤᠨ 9 ᠰᠠᠷ᠎ᠠ ᠵᠢᠨ 21 ᠤ᠋ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠭᠤᠤ ᠪᠦᠸ᠂ ᠯᠢ ᠵᠢᠶᠦ᠋ᠨ ᠢ ) 25 ᠳ᠋ᠡᠬᠢ ᠬᠤᠭᠤᠴᠠᠭᠠᠨ ᠤ ᠳᠤᠮᠳᠠᠳᠤ ᠤᠯᠤᠰ ᠤᠨ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ 21 ᠤ᠋ ᠡᠳᠦᠷ ᠡᠾᠸᠪᠧᠢ ᠮᠤᠵᠢ ᠵᠢᠨ ᠲᠠᠩ ᠱᠠᠨ ᠬᠤᠲᠠ ᠳ᠋ᠥ ᠪᠤᠯᠪᠠ᠃

    ᠲᠤᠰ ᠬᠤᠭᠤᠴᠠᠭᠠᠨ ᠤ ᠬᠢᠨᠤ᠋ ᠨᠠᠭᠠᠳᠤᠮ ᠨᠢ 4 ᠡᠳᠦᠷ ᠦᠷᠭᠦᠯᠵᠢᠯᠡᠨ᠂ ᠭᠤᠤᠯᠳᠠᠭᠤ ᠨᠡᠬᠡᠭᠡᠯᠲᠡ ᠵᠢᠨ ᠶᠤᠰᠤᠯᠠᠯ᠂ ᠤᠯᠤᠰ ᠤᠨ ᠳᠤᠲᠤᠭᠠᠳᠤ ᠳᠡᠬᠢ ᠰᠢᠨ᠎ᠡ ᠺᠢᠨᠤ᠋ ᠵᠢᠨ ᠲᠠᠨᠢᠯᠴᠠᠭᠤᠯᠭ᠎ᠠ᠂ ᠠᠯᠲᠠᠨ ᠲᠠᠬᠢᠶ᠎ᠠ ᠤᠯᠠᠨ ᠤᠯᠤᠰ ᠤᠨ ᠺᠢᠨᠤ᠋ ᠵᠢᠨ ᠦᠵᠡᠰᠭᠦᠯᠡᠩ᠂ ᠰᠢᠶᠠᠩᠭ᠋ᠠᠩ᠂ ᠤᠤᠮᠧᠨ᠂ ᠲᠠᠶᠢᠧᠠᠨ ᠤ ᠺᠢᠨᠤ᠋ ᠵᠢᠨ ᠦᠵᠡᠰᠭᠦᠯᠡᠩ᠂ ᠴᠦᠬᠡᠨ ᠲᠤᠭᠠᠲᠤ ᠦᠨᠳᠦᠰᠦᠲᠡᠨ ᠤ ᠺᠢᠨᠤ᠋ ᠵᠢᠨ ᠦᠵᠡᠰᠭᠦᠯᠡᠩ᠂ ᠳᠤᠮᠳᠠᠳᠤ ᠤᠯᠤᠰ ᠤᠨ ᠺᠢᠨᠤ᠋ ᠵᠢᠨ ᠹᠤᠷᠦ᠋ᠮ᠂ ᠳᠤᠮᠳᠠᠳᠤ ᠤᠯᠤᠰ ᠤᠨ ᠺᠢᠨᠤ᠋ ᠰᠢᠨᠵᠢᠯᠡᠬᠦ ᠤᠬᠠᠭᠠᠨ ᠲᠸᠭ᠍ᠨᠤᠯᠤᠬᠢ ᠵᠢᠨ ᠹᠤᠷᠦ᠋ᠮ ᠵᠡᠷᠭᠡ ᠺᠢᠨᠤ᠋ ᠵᠢᠨ ᠦᠵᠡᠰᠭᠦᠯᠡᠩ ᠬᠢᠭᠡᠳ ᠡᠷᠳᠡᠮ ᠰᠢᠨᠵᠢᠯᠡᠬᠡᠨ ᠤ ᠠᠵᠢᠯᠯᠠᠭ᠎ᠠ ᠪᠤᠯᠤᠨ 33 ᠳ᠋ᠡᠬᠢ ᠬᠤᠭᠤᠴᠠᠭᠠᠨ ᠤ ᠪᠦᠬᠦ ᠨᠡᠶᠢᠲᠡ ᠡᠴᠡ ᠰᠢᠯᠭᠠᠷᠠᠭᠤᠯᠳᠠᠬ ᠴᠡᠴᠡᠭᠡᠰ ᠱᠠᠩᠨᠠᠯ ᠤᠨ ᠡᠴᠦᠰ ᠤᠨ ᠦᠨᠡᠯᠡᠭᠡ᠂ ᠱᠠᠩᠨᠠᠯ ᠤᠯᠭᠤᠬᠤ ᠶᠤᠰᠤᠯᠠᠯ ᠪᠠ ᠬᠠᠭᠠᠯᠲᠠ ᠵᠢᠨ ᠶᠤᠰᠤᠯᠠᠯ ᠵᠡᠷᠭᠡ ᠶᠢ ᠪᠠᠭᠲᠠᠭᠠᠨ᠎ᠠ᠃

    ᠳᠤᠮᠳᠠᠳᠤ ᠤᠯᠤᠰ ᠤᠨ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠨᠢ 2005 ᠤᠨ ᠡᠴᠡ ᠨᠠᠭᠠᠰᠢ ᠵᠢᠯ ᠠᠯᠤᠰᠯᠠᠨ ᠵᠤᠬᠢᠶᠠᠨ ᠪᠠᠶᠢᠭᠤᠯᠤᠬᠳᠠᠳᠠᠬ᠂ ᠦᠨᠦ ᠵᠢᠯ ᠳᠤ 33 ᠳ᠋ᠡᠬᠢ ᠬᠤᠭᠤᠴᠠᠭᠠᠨ ᠤ ᠪᠦᠬᠦ ᠨᠡᠶᠢᠲᠡ ᠡᠴᠡ ᠰᠢᠯᠭᠠᠷᠠᠭᠤᠯᠳᠠᠬ ᠴᠡᠴᠡᠭᠡᠰ ᠱᠠᠩᠨᠠᠯ ᠢ ᠵᠤᠬᠢᠶᠠᠨ ᠪᠠᠶᠢᠭᠤᠯᠵᠦ ᠪᠤᠢ᠃ (ᠳᠠᠳᠤᠯᠭ᠎ᠠ ᠶᠢᠨ ᠰᠤᠷᠤᠬᠴᠢ ᠪᠠᠶᠠᠰᠤᠯ ᠤᠷᠴᠢᠭᠤᠯᠤᠨ ᠨᠠᠶᠢᠷᠠᠭᠤᠯᠪᠠ)

ᠨᠡᠷᠡᠲᠤ ᠺᠢᠨᠤ᠋ ᠤᠳᠤᠷᠢᠳᠤᠭᠠᠴᠢ ᠹᠧᠩ ᠰᠢᠶᠤᠤ ᠭᠠᠩ ᠨᠡᠭᠡᠭᠡᠯᠲᠡ ᠶᠢᠨ ᠶᠤᠰᠤᠯᠠᠯ ᠳᠤ ᠤᠷᠤᠯᠴᠠᠯ᠎ᠠ

ᠨᠡᠭᠡᠭᠡᠯᠲᠡ ᠶᠢᠨ ᠦᠶ᠎ᠡ ᠪᠡᠷ ᠬᠢ ᠤᠷᠠᠨ ᠰᠠᠶᠢᠬᠠᠨ ᠤ ᠲᠤᠬᠯᠠᠯᠲᠠ

ᠨᠡᠭᠡᠭᠡᠯᠲᠡ ᠶᠢᠨ ᠦᠶ᠎ᠡ ᠪᠡᠷ ᠬᠢ ᠤᠷᠠᠨ ᠰᠠᠶᠢᠬᠠᠨ ᠤ ᠲᠤᠬᠯᠠᠯᠲᠠ

ᠨᠡᠭᠡᠭᠡᠯᠲᠡ ᠶᠢᠨ ᠦᠶ᠎ᠡ ᠪᠡᠷ ᠬᠢ ᠤᠷᠠᠨ ᠰᠠᠶᠢᠬᠠᠨ ᠤ ᠲᠤᠬᠯᠠᠯᠲᠠ

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119608160