蒙古文网站Logo
ᠰᠢᠨᠬᠤᠸᠠ ᠮᠤᠩᠭ᠋ᠤᠯ ᠨᠧᠲ

ᠦᠪᠦᠷ ᠮᠤᠨᠭᠭᠤᠯ ᠤᠨ ᠯᠢᠶᠠᠩ ᠴᠧᠩ ᠰᠢᠶᠠᠨ ᠡᠴᠡ ᠤᠷᠲᠤ ᠴᠠᠭᠠᠨ ᠬᠡᠷᠡᠮ ᠤᠨ ᠪᠠᠭᠤᠷᠢ ᠵᠢ ᠢᠯᠡᠷᠡᠭᠦᠯᠵᠡᠢ

2017-02-08 15:56

    ᠦᠪᠦᠷ ᠮᠤᠨᠭᠭᠤᠯ ᠤᠨ ᠰᠤᠶᠤᠯ ᠤᠨ ᠲᠢᠩᠬᠢᠮ ᠤᠨ 2 ᠰᠠᠷ᠎ᠠ ᠶᠢᠨ 6 ᠤ᠋ ᠡᠳᠦᠷ ᠤᠨ ᠮᠡᠳᠡᠭᠡ ᠵᠢ ᠦᠨᠳᠦᠰᠦᠯᠡᠪᠡᠯ᠂ ᠤᠯᠠᠭᠠᠨᠴᠠᠪ ᠬᠤᠲᠠ ᠶᠢᠨ ᠯᠢᠶᠠᠩ ᠴᠧᠩ ᠰᠢᠶᠠᠨ ᠤ ᠲᠡᠦᠬᠡ ᠶᠢᠨ ᠳᠤᠷᠠᠰᠬᠯᠠᠲᠤ ᠵᠦᠢᠯᠡᠰ ᠢ ᠬᠠᠮᠠᠭᠠᠯᠠᠵᠦ ᠬᠠᠮᠢᠶᠠᠷᠠᠬᠤ ᠭᠠᠵᠠᠷ ᠤᠨ ᠬᠢᠨ ᠤᠷᠲᠤ ᠴᠠᠭᠠᠨ ᠬᠡᠷᠡᠮ ᠢ ᠴᠠᠬᠳᠠᠨ ᠪᠠᠶᠢᠴᠠᠭᠠᠬᠤ ᠳᠠᠭᠠᠨ ᠪᠠᠰᠠ ᠨᠢᠭᠡ ᠬᠡᠰᠡᠭ ᠰᠢᠨ᠎ᠡ ᠪᠠᠭᠤᠷᠢ ᠢᠯᠡᠷᠡᠭᠦᠯᠦᠭᠰᠡᠨ ᠪᠠᠶᠢᠨ᠎ᠠ᠃

    ᠤᠶᠢᠯᠠᠭᠠᠬᠰᠠᠨ ᠢᠶᠡᠷ᠂ ᠠᠩᠬ᠎ᠠ ᠤᠳᠠᠭᠠᠨ ᠤ ᠨᠤᠲᠠᠯᠠᠯᠲᠠ ᠪᠡᠷ ᠲᠤᠰ ᠬᠡᠷᠡᠮ ᠨᠢ 4000 ᠮᠧᠲ᠋ᠷ ᠤᠷᠲᠤ ᠂ 0.7-2 ᠮᠧᠲ᠋ᠷ ᠦᠨᠳᠦᠷ᠂ 3-6 ᠮᠧᠲ᠋ᠷ ᠦᠷᠭᠡᠨ᠃ ᠲᠤᠰ ᠬᠡᠷᠡᠮ ᠤᠨ ᠲᠠᠭᠠᠤ ᠪᠠᠰᠠ ᠯᠢᠶᠠᠩ ᠴᠧᠩ ᠰᠢᠶᠠᠨ ᠤ ᠰᠠᠨ ᠳ᠋ᠤᠤ ᠭᠧᠦ ᠲᠤᠰᠬᠤᠨ ᠤ ᠪᠠᠷᠠᠭᠤᠨ ᠡᠮᠦᠨ᠎ᠡ ᠡᠴᠡ ᠬᠠᠷᠠᠭᠤᠯ ᠤᠨ ᠴᠠᠮᠬᠠᠬ ᠨᠢᠭᠡ᠂ ᠼᠤᠤ ᠲᠠᠢ ᠶᠤᠤ ᠲᠤᠰᠬᠤᠨ ᠤ ᠵᠡᠭᠦᠨ ᠡᠴᠡ ᠬᠠᠷᠠᠭᠤᠯ ᠤᠨ ᠴᠠᠮᠬᠠᠬ ᠪᠠ ᠴᠤᠨᠵᠢ ᠲᠤᠰᠪᠤᠷᠢ ᠨᠢᠭᠡ ᠵᠢ ᠢᠯᠡᠷᠡᠭᠦᠯᠵᠡᠢ᠃

    ᠲᠤᠰ ᠬᠡᠷᠡᠮ ᠢ ᠢᠯᠡᠷᠡᠭᠦᠯᠦᠭᠰᠡᠨ ᠡᠴᠡ ᠯᠢᠶᠠᠩ ᠴᠧᠩ ᠰᠢᠶᠠᠨ ᠤ ᠬᠠᠷᠢᠶᠠᠨ ᠳᠡᠬᠢ ᠴᠠᠭᠠᠨ ᠬᠡᠷᠡᠮ ᠤᠨ ᠪᠠᠭᠤᠷᠢ ᠶᠢᠨ ᠤᠷᠲᠤ 178000 ᠮᠧᠲ᠋ᠷ ᠪᠤᠯᠵᠦ ᠨᠡᠮᠡᠭᠳᠡᠭᠡᠳ ᠲᠤᠰ ᠰᠢᠶᠠᠨ ᠤ ᠤᠷᠲᠤ ᠴᠠᠭᠠᠨ ᠬᠡᠷᠡᠮ ᠤᠨ ᠡᠬᠢ ᠪᠠᠶᠠᠯᠢᠬ ᠢ ᠡᠯᠪᠡᠭ᠍ᠵᠢᠭᠦᠯᠦᠭᠰᠡᠨ ᠲᠡᠳᠦᠢ ᠦᠭᠡᠢ ᠤᠷᠲᠤ ᠴᠠᠭᠠᠨ ᠬᠡᠷᠡᠮ ᠤᠨ ᠲᠤᠬᠠᠢ ᠲᠡᠦᠬᠡ ᠰᠤᠶᠤᠯ ᠤᠨ ᠰᠤᠳᠤᠯᠭᠠᠨ ᠳᠤ ᠴᠢᠬᠤᠯᠠ ᠦᠨ᠎ᠡ ᠦᠷᠲᠡᠭ  ᠤᠯᠭᠤᠵᠠᠢ᠃

ᠢᠷᠡᠯᠳᠡ᠄ ᠦᠪᠦᠷ ᠮᠤᠨᠭᠭᠤᠯ ᠤᠨ ᠦᠷᠯᠦᠭᠡ ᠶᠢᠨ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
  • ᠲᠡᠭᠡᠳᠦ ᠮᠤᠩᠭ᠋ᠤᠯ ᠤᠨ ᠤᠲᠤᠳ ᠤᠨ ᠤᠯᠠᠭᠠᠭᠴᠢᠨ ᠲᠠᠬᠢᠶ᠎ᠠ ᠵᠢᠯ ᠤᠨ ᠰᠠᠷ᠎ᠠ ᠰᠢᠨ᠎ᠡ ᠶᠢᠨ ᠲᠠᠭᠤᠤ ᠬᠦᠭ᠍ᠵᠢᠮ ᠤᠨ ᠴᠢᠭᠤᠯᠭᠠᠨ ( ᠨᠢᠭᠡ )
  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
关闭
010070230030000000000000011100001120432434