蒙古文网站Logo
ᠰᠢᠨᠬᠤᠸᠠ ᠮᠤᠩᠭ᠋ᠤᠯ ᠨᠧᠲ

26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠨᠢ ᠡᠯᠪᠡᠭ᠌ ᠪᠠᠶᠠᠯᠢᠬ ᠠᠭᠤᠯᠭ᠎ᠠ ᠪᠡᠷ ᠵᠤᠬᠢᠶᠠᠨ ᠪᠠᠶᠢᠭᠤᠯᠤᠬᠳᠠᠨ᠎ᠠ

2017-02-15 11:25

    26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠨᠢ 9 ᠰᠠᠷ᠎ᠠ ᠶᠢᠨ 13 ᠡᠴᠡ 16 ᠤ᠋ ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠬᠳᠠᠨ᠎ᠠ᠃ ᠡᠭᠦᠨ ᠳᠤ ᠭᠤᠤᠯᠳᠠᠭᠤ 4 ᠲᠦᠷᠦᠯ ᠤᠨ 19 ᠠᠭᠤᠯᠭ᠎ᠠ ᠵᠢ ᠲᠤᠬᠢᠷᠠᠭᠤᠯᠬᠤ ᠪᠡᠷ ᠪᠤᠢ᠃ ᠳᠠᠷᠤᠢ ᠺᠢᠨᠤ᠋ ᠨᠠᠭᠠᠳᠤᠮ ᠤᠨ ᠨᠡᠭᠡᠭᠡᠯᠲᠡ ᠶᠢᠨ ᠶᠤᠰᠤᠯᠠᠯ ᠪᠤᠯᠤᠨ ᠤᠳᠬ᠎ᠠ ᠤᠷᠠᠯᠢᠬ ᠤᠨ ᠦᠳᠡᠰᠢᠯᠡᠭᠡ᠂ ᠠᠯᠲᠠᠨ ᠲᠠᠬᠢᠶ᠎ᠠ ᠱᠠᠨᠭᠨᠠᠯ ᠢᠶᠡᠷ ᠨᠡᠷ᠎ᠡ ᠳᠡᠪᠰᠢᠭ᠍ᠰᠡᠳ ᠢ ᠬᠦᠬᠢᠭᠦᠯᠬᠦ ᠶᠤᠰᠤᠯᠠᠯ᠂ ᠺᠢᠨᠤ᠋ ᠤᠷᠠᠯᠢᠬᠴᠢᠳ ᠤᠨ ᠤᠯᠠᠭᠠᠨ ᠬᠡᠪᠢᠰᠦᠨ ᠤ ᠶᠤᠰᠤᠯᠠᠯ᠂ ᠠᠯᠲᠠᠨ ᠲᠠᠬᠢᠶ᠎ᠠ ᠱᠠᠨᠭᠨᠠᠯ ᠭᠠᠷᠳᠠᠭᠤᠯᠬᠤ ᠶᠤᠰᠤᠯᠠᠯ ᠪᠠ ᠺᠢᠨᠤ᠋ ᠨᠠᠭᠠᠳᠤᠮ ᠤᠨ ᠬᠠᠭᠠᠯᠲᠠ ᠶᠢᠨ ᠶᠤᠰᠤᠯᠠᠯ ᠵᠡᠷᠭᠡ 4 ᠭᠤᠤᠯ ᠪᠤᠯᠬᠤ ᠠᠷᠭ᠎ᠠ ᠬᠡᠮᠵᠢᠶ᠎ᠡ ᠡᠴᠡ ᠭᠠᠳᠠᠨ᠎ᠠ ᠪᠠᠰᠠ ᠰᠢᠶᠠᠨᠭᠭᠠᠩ ᠤᠤᠮᠧᠨ ᠲᠠᠶᠢᠸᠠᠨ ᠤ ᠺᠢᠨᠤ᠋ ᠦᠵᠡᠰᠭᠦᠯᠡᠩ᠂ ᠠᠯᠲᠠᠨ ᠲᠠᠬᠢᠶ᠎ᠠ ᠤᠯᠠᠨ ᠤᠯᠤᠰ ᠤᠨ ᠺᠢᠨᠤ᠋ ᠦᠵᠡᠰᠭᠦᠯᠡᠩ ᠪᠠ ᠦᠵᠡᠰᠭᠦᠯᠡᠩ ᠳᠤ ᠤᠷᠤᠯᠴᠠᠬᠰᠠᠨ ᠰᠢᠯᠢᠳᠡᠭ ᠺᠢᠨᠤ᠋ ᠶᠢᠨ ᠰᠢᠯᠭᠠᠷᠠᠭᠤᠯᠤᠯᠲᠠ᠂ ᠴᠦᠭᠡᠨ ᠲᠤᠭᠠᠲᠤ ᠦᠨᠳᠦᠰᠦᠲᠡᠨ ᠤ ᠺᠢᠨᠤ᠋ ᠦᠵᠡᠰᠭᠦᠯᠡᠩ ᠵᠡᠷᠭᠡ 7 ᠲᠦᠷᠦᠯ ᠤᠨ ᠺᠢᠨᠤ᠋ ᠦᠵᠡᠰᠭᠦᠯᠡᠩ ᠪᠤᠯᠤᠨ ᠳᠤᠮᠳᠠᠳᠤ ᠤᠯᠤᠰ ᠤᠨ ᠺᠢᠨᠤ᠋ ᠶᠢᠨ ᠳᠡᠭᠡᠳᠤ ᠵᠡᠷᠭᠡ ᠶᠢᠨ ᠹᠤᠷᠦ᠋ᠮ᠂ ᠳᠤᠮᠳᠠᠳᠤ ᠤᠯᠤᠰ ᠤᠨ ᠺᠢᠨᠤ᠋ ᠶᠢᠨ ᠰᠢᠨᠵᠢᠯᠡᠬᠦ ᠤᠬᠠᠭᠠᠨ ᠲᠧᠭ᠍ᠨᠢᠭ᠌ ᠮᠡᠷᠭᠡᠵᠢᠯ ᠤᠨ ᠹᠤᠷᠦ᠋ᠮ ᠵᠡᠷᠭᠡ 4 ᠲᠦᠷᠦᠯ ᠤᠨ ᠡᠷᠳᠡᠮ ᠰᠢᠨᠵᠢᠯᠡᠬᠡᠨ ᠤ ᠹᠤᠷᠦ᠋ᠮ᠂ 《ᠠᠯᠲᠠᠨ ᠲᠠᠬᠢᠶ᠎ᠠ ᠴᠡᠴᠡᠭᠡᠰ ᠴᠤᠮᠤ》ᠶᠡᠬᠡ ᠳᠤᠮᠳᠠ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠺᠢᠨᠤ᠋ ᠲᠤᠶᠢᠮᠤᠯᠠᠬᠤ ᠤᠷᠤᠯᠳᠤᠭᠠᠨ ᠵᠡᠷᠭᠡ 2 ᠲᠦᠷᠦᠯ ᠤᠨ ᠤᠷᠤᠯᠳᠤᠭᠠᠨ᠂ 《ᠬᠦᠬᠡᠬᠤᠲᠠ ᠪᠠ ᠳᠤᠮᠳᠠᠳᠤ ᠤᠯᠤᠰ ᠤᠨ ᠺᠢᠨᠤ᠋》ᠨᠤᠮ ᠢ ᠠᠨᠭᠬᠠᠯᠠᠨ ᠲᠠᠷᠬᠠᠭᠠᠬᠤ ᠶᠤᠰᠤᠯᠠᠯ ᠵᠡᠷᠭᠡ 2 ᠲᠦᠷᠦᠯ ᠤᠨ ᠠᠵᠢᠯᠯᠠᠭ᠎ᠠ ᠵᠢ ᠪᠠᠬᠲᠠᠭᠠᠬᠰᠠᠨ ᠠᠷᠭ᠎ᠠ ᠬᠡᠮᠵᠢᠶ᠎ᠡ ᠨᠤᠭᠦᠳ ᠢ ᠵᠤᠬᠢᠶᠠᠨ ᠪᠠᠶᠢᠭᠤᠯᠤᠨ᠎ᠠ᠃

ᠢᠷᠡᠯᠳᠡ᠄ ᠦᠪᠦᠷ ᠮᠤᠨᠭᠭᠤᠯ ᠤᠨ ᠰᠤᠨᠢᠨ ᠮᠡᠳᠡᠭᠡᠨ ᠤ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011100001120470845