蒙古文网站Logo
ᠰᠢᠨᠬᠤᠸᠠ ᠮᠤᠩᠭ᠋ᠤᠯ ᠨᠧᠲ

ᠠᠯᠲᠠᠨ ᠲᠠᠬᠢᠶ᠎ᠠ ᠴᠡᠴᠡᠭᠡᠰ ᠺᠢᠨᠣ᠋ ᠨᠠᠭᠠᠳᠤᠮ ᠤᠨ ᠬᠦᠰᠢᠬᠡ ᠺᠢᠨᠣ᠋ ᠶᠢᠨ ᠳᠠᠭᠤᠤ ᠬᠦᠭᠵᠢᠮ ᠤᠨ ᠦᠳᠡᠰᠢᠯᠡᠬᠡ ᠪᠡᠷ ᠨᠡᠬᠡᠬᠡᠭᠳᠡᠯ᠎ᠡ

2017-02-20 17:26

    2 ᠰᠠᠷ᠎ᠠ ᠶᠢᠨ 19 ᠤ ᠤᠷᠤᠢ᠂ 2017 ᠤᠨ ᠤ ᠰᠠᠷ᠎ᠠ ᠰᠢᠨ᠎ᠡ ᠶᠢᠨ ᠺᠢᠨᠣ᠋ ᠶᠢᠨ ᠳᠠᠭᠤᠤ ᠬᠦᠭᠵᠢᠮ ᠤᠨ ᠦᠳᠡᠰᠢᠯᠡᠬᠡ ᠬᠦᠬᠡᠬᠤᠳᠠ ᠳᠤ ᠵᠤᠬᠢᠶᠠᠨ ᠪᠠᠶᠢᠭᠤᠯᠤᠭᠳᠠᠵᠤ᠂ 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠣ᠋ ᠨᠠᠭᠠᠳᠤᠮ ᠤᠨ ᠬᠦᠰᠢᠬᠡ ᠶᠢ ᠨᠡᠬᠡᠬᠡᠯ᠎ᠡ᠃

    26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠣ᠋ ᠨᠠᠭᠠᠳᠤᠮ (2017 ᠳᠤᠮᠳᠠᠳᠤ ᠤᠯᠤᠰ·ᠬᠦᠬᠡᠬᠤᠳᠠ) ᠤᠨ ᠬᠦᠢᠴᠡᠳᠬᠡᠬᠦ ᠵᠦᠪᠯᠡᠯ ᠡᠴᠡ ᠰᠠᠨᠠᠭᠠᠴᠢᠯᠠᠵᠤ᠂ ᠮᠦᠨ ᠳᠤᠰ ᠬᠦᠢᠴᠡᠳᠬᠡᠬᠦ ᠵᠦᠪᠯᠡᠯ ᠤᠨ ᠳᠠᠮᠠᠭ᠎ᠠ ᠶᠢᠨ ᠭᠠᠵᠠᠷ ᠪᠤᠯᠤᠨ ᠬᠦᠬᠡᠬᠤᠳᠠ ᠶᠢᠨ ᠰᠤᠶᠤᠯ ᠮᠡᠳᠡᠬᠡ ᠮᠡᠳᠡᠬᠡᠯᠡᠯ ᠬᠡᠪᠯᠡᠯ ᠷᠠᠳᠢᠣ᠋ ᠲᠧᠯᠧᠶ᠋ᠰ ᠳᠤᠪᠴᠢᠶ᠎ᠠ ᠡᠴᠡ ᠵᠤᠬᠢᠶᠠᠨ ᠪᠠᠶᠢᠭᠤᠯᠤᠭᠰᠠᠨ ᠡᠨᠡᠬᠦ ᠦᠳᠡᠰᠢᠯᠡᠬᠡ ᠪᠡᠷ᠂ ᠦᠪᠦᠷ ᠮᠤᠩᠭᠤᠯ ᠤᠨ ᠦᠨᠳᠦᠰᠦᠳᠡᠨ ᠤ ᠤᠷᠠᠯᠢᠭ ᠵᠦᠴᠦᠭᠡ ᠶᠢᠨ ᠬᠦᠷᠢᠶᠡᠯᠡᠩ ᠤᠨ ᠨᠠᠶᠢᠷᠠᠯ ᠬᠦᠭᠵᠢᠮ ᠤᠨ ᠪᠠᠭ ᠤᠨ ᠬᠢᠨ《ᠤᠳᠤᠨ ᠪᠦᠮᠪᠦᠷᠴᠡᠭ ᠤᠨ ᠳᠠᠶᠢᠨ》᠂《ᠬᠠᠶᠢᠷ᠎ᠠ ᠳᠤᠷᠠᠯᠠᠯ ᠤᠨ ᠦᠯᠢᠬᠡᠷ》᠂《Titanic》᠂《ᠠᠷᠰᠯᠠᠨ ᠸᠠᠩ》 ᠵᠡᠷᠬᠡ ᠶᠢ ᠪᠠᠭᠳᠠᠭᠠᠭᠰᠠᠨ 18 ᠰᠤᠩᠭᠤᠳᠠᠭ ᠺᠢᠨᠣ᠋ ᠶᠢᠨ ᠳᠠᠭᠤᠤ ᠪᠤᠯᠤᠨ《ᠬᠦᠳᠡᠬᠡ ᠳᠠᠯ᠎ᠠ ᠳᠤ ᠮᠦᠩᠬᠡ ᠶᠢᠨ ᠨᠠᠷᠠᠨ ᠮᠠᠨᠳᠤᠯ᠎ᠠ》᠂《ᠬᠤᠨ ᠭᠠᠯᠠᠭᠤ》 ᠵᠡᠷᠬᠡ ᠠᠮᠢᠳᠤ ᠬᠦᠭᠵᠢᠮ ᠤᠨ ᠳᠤᠭᠯᠠᠯᠳᠠ ᠪᠡᠨ ᠦᠵᠡᠭᠴᠢ ᠳᠦᠮᠡᠨ ᠳᠤ ᠰᠤᠨᠢᠷᠬᠠᠭᠤᠯᠵᠠᠢ᠃

    26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠣ᠋ ᠨᠠᠭᠠᠳᠤᠮ 9 ᠰᠠᠷ᠎ᠠ ᠶᠢᠨ 13 ᠡᠴᠡ 16 ᠤ᠋ ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠬᠳᠠᠨ᠎ᠠ᠃ ᠨᠠᠭᠠᠳᠤᠮ ᠤᠨ ᠦᠶ᠎ᠡ ᠪᠡᠷ ᠺᠢᠨᠣ᠋ ᠨᠠᠭᠠᠳᠤᠮ ᠤᠨ ᠨᠡᠭᠡᠭᠡᠯᠲᠡ ᠶᠢᠨ ᠶᠤᠰᠤᠯᠠᠯ᠂ ᠤᠳᠬ᠎ᠠ ᠤᠷᠠᠯᠢᠬ ᠤᠨ ᠦᠳᠡᠰᠢᠯᠡᠭᠡ᠂ ᠠᠯᠲᠠᠨ ᠲᠠᠬᠢᠶ᠎ᠠ ᠱᠠᠨᠭᠨᠠᠯ ᠢᠶᠡᠷ ᠨᠡᠷ᠎ᠡ ᠳᠡᠪᠰᠢᠭ᠍ᠰᠡᠳ ᠢ ᠬᠦᠬᠢᠭᠦᠯᠬᠦ ᠶᠤᠰᠤᠯᠠᠯ᠂ ᠺᠢᠨᠣ᠋ ᠤᠷᠠᠯᠢᠬᠴᠢᠳ ᠤᠨ ᠤᠯᠠᠭᠠᠨ ᠬᠡᠪᠢᠰᠦᠨ ᠤ ᠶᠤᠰᠤᠯᠠᠯ᠂ ᠠᠯᠲᠠᠨ ᠲᠠᠬᠢᠶ᠎ᠠ ᠱᠠᠨᠭᠨᠠᠯ ᠭᠠᠷᠳᠠᠭᠤᠯᠬᠤ ᠶᠤᠰᠤᠯᠠᠯ ᠪᠠ ᠺᠢᠨᠣ᠋ ᠨᠠᠭᠠᠳᠤᠮ ᠤᠨ ᠬᠠᠭᠠᠯᠲᠠ ᠶᠢᠨ ᠶᠤᠰᠤᠯᠠᠯ ᠵᠡᠷᠭᠡ 4 ᠲᠦᠷᠦᠯ ᠤᠨ 19 ᠠᠵᠢᠯᠯᠠᠭ᠎ᠠ ᠵᠤᠬᠢᠶᠠᠨ ᠪᠠᠶᠢᠭᠤᠯᠤᠭᠳᠠᠨ᠎ᠠ᠃

    

ᠢᠷᠡᠯᠳᠡ᠄ ᠦᠪᠦᠷ ᠮᠤᠩᠭ᠋ᠤᠯ ᠤᠨ ᠰᠤᠨᠢᠨ ᠮᠡᠳᠡᠬᠡ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011120701120498366