蒙古文网站Logo
ᠰᠢᠨᠬᠤᠸᠠ ᠮᠤᠩᠭ᠋ᠤᠯ ᠨᠧᠲ

《 ᠭᠠᠷᠠᠭ ᠤᠨ ᠰᠡᠭᠦᠯᠴᠢ ᠶᠢᠨ ᠲᠠᠪᠴᠠᠩ》 ᠲᠠᠨ ᠤ ᠲᠦᠯᠦᠪᠦᠷᠢ ᠦᠭᠡᠢ ᠲᠤᠭᠯᠠᠯᠲᠠ ᠦᠵᠡᠭᠡᠷᠡᠢ ᠭᠡᠵᠤ ᠤᠷᠢᠵᠤ ᠪᠤᠢ

2017-02-21 17:10

    2 ᠰᠠᠷ᠎ᠠ ᠶᠢᠨ 20 ᠤ ᠡᠳᠦᠷ᠂ ᠬᠦᠬᠡᠬᠤᠲᠠ ᠶᠢᠨ ᠦᠨᠳᠦᠰᠦᠲᠡᠨ ᠤ ᠲᠢᠶᠠᠲ᠋ᠠᠷ ᠲᠤ 2017 ᠤᠨ ᠤ 《 ᠭᠠᠷᠠᠭ ᠤᠨ ᠰᠡᠭᠦᠯᠴᠢ ᠶᠢᠨ ᠲᠠᠪᠴᠠᠩ》 ᠳᠠᠭᠤᠤ ᠪᠦᠵᠢᠭ᠌ ᠤᠨ ᠦᠳᠡᠰᠢᠯᠡᠭᠡ ᠶᠠᠪᠤᠭᠳᠠᠪᠠ᠂ ᠳᠠᠭᠤᠤ ᠪᠦᠵᠢᠭ᠌᠂ ᠱᠤᠭ ᠶᠠᠷᠢᠶ᠎ᠠ᠂ ᠮᠤᠷᠢᠨ ᠬᠤᠭᠤᠷ ᠵᠡᠷᠭᠡ 15 ᠲᠤᠭᠯᠠᠯᠲᠠ ᠭᠠᠷᠭᠠᠵᠤ ᠦᠵᠡᠭᠴᠢ ᠲᠦᠮᠡᠨ ᠤ ᠬᠠᠯᠠᠭᠤᠨ ᠲᠠᠭᠠᠰᠢᠶᠠᠯ ᠢ ᠤᠯᠵᠠᠢ᠃

    ᠤᠶᠢᠯᠠᠭᠠᠭᠰᠠᠨ ᠢᠶᠡᠷ᠂《 ᠭᠠᠷᠠᠭ ᠤᠨ ᠰᠡᠭᠦᠯᠴᠢ ᠶᠢᠨ ᠲᠠᠪᠴᠠᠩ》ᠪᠤᠯ ᠬᠦᠬᠡᠬᠤᠲᠠ ᠶᠢᠨ ᠢᠷᠭᠡᠳ ᠲᠤ ᠲᠤᠰᠠ ᠬᠦᠷᠭᠡᠬᠦ ᠢᠨᠵᠧᠨᠧᠷᠢᠩ ᠤᠨ ᠨᠢᠭᠡᠨ ᠴᠢᠬᠤᠯᠠ ᠠᠭᠤᠯᠭ᠎ᠠ᠂ ᠪᠠᠰᠠ ᠴᠤ ᠬᠦᠬᠡᠬᠤᠲᠠ ᠶᠢᠨ ᠡᠷᠴᠢ ᠬᠦᠴᠦᠨ ᠪᠦᠬᠦᠢ ᠲᠦᠪ ᠬᠤᠲᠠ᠂ ᠭᠤᠤ᠎ᠠ ᠦᠵᠡᠰᠭᠦᠯᠡᠩᠲᠤ ᠲᠦᠪ ᠬᠤᠲᠠ᠂ ᠡᠶ᠎ᠠ ᠨᠠᠶᠢᠷᠠᠮᠳᠠᠭᠤ ᠲᠦᠪ ᠬᠤᠲᠠ ᠶᠢ ᠪᠠᠶᠢᠭᠤᠯᠬᠤ ᠠᠵᠢᠯᠯᠠᠭᠠᠨ ᠤ ᠨᠢᠭᠡ ᠪᠤᠯᠬᠤ ᠶᠤᠮ᠃ 2 ᠰᠠᠷ᠎ᠠ ᠳᠤ 24 ᠲᠠᠯᠠᠪᠠᠢ ᠱᠠᠨ ᠰᠢ ᠵᠦᠴᠦᠭᠡ᠂ 8 ᠲᠠᠯᠠᠪᠠᠢ ᠡᠯ ᠷᠡᠨ ᠲᠠᠢ ᠵᠦᠴᠦᠭᠡ᠂ 10 ᠲᠠᠯᠠᠪᠠᠢ ᠦᠨᠳᠦᠰᠦᠲᠡᠨ ᠤ ᠳᠠᠭᠤᠤ ᠪᠦᠵᠢᠭ᠌᠂ 6 ᠲᠠᠯᠠᠪᠠᠢ ᠶᠡᠷᠦᠩᠬᠡᠶᠢᠯᠡᠭᠰᠡᠨ ᠦᠳᠡᠰᠢᠯᠡᠭᠡ ᠶᠠᠪᠤᠭᠳᠠᠵᠤ᠂ ᠲᠤᠭᠯᠠᠯᠲᠠ ᠶᠢᠨ ᠠᠷᠭ᠎ᠠ ᠮᠠᠶ᠊ᠢᠭ ᠤᠯᠠᠨ ᠶᠠᠩᠵᠤ᠂ ᠠᠭᠤᠯᠭ᠎ᠠ ᠪᠠᠶᠠᠯᠢᠭ ᠪᠠᠶᠢᠵᠤ ᠲᠦᠪ ᠬᠤᠲᠠ ᠶᠢᠨ ᠢᠷᠭᠡᠳ ᠤᠨ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠪᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠰᠦᠯᠵᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011120691120505340