蒙古文网站Logo
ᠰᠢᠨᠬᠤᠸᠠ ᠮᠤᠩᠭ᠋ᠤᠯ ᠨᠧᠲ

ᠤᠷᠠᠨ ᠬᠠᠳᠬᠤᠮᠠᠯ ᠤᠨ ᠰᠢᠨ᠎ᠡ ᠨᠤᠮ ᠤᠩᠰᠢᠭᠴᠢᠳ ᠲᠠᠢ ᠵᠤᠯᠭᠠᠯ᠎ᠠ

2017-02-22 11:42

    ᠦᠪᠦᠷ ᠮᠤᠩᠭ᠋ᠤᠯ ᠤᠨ ᠤᠷᠳᠤᠰ ᠮᠤᠩᠭᠤᠯᠴᠤᠳ ᠤᠨ ᠤᠷᠠᠨ ᠬᠠᠳᠬᠤᠮᠠᠯ ᠨᠢ ᠲᠡᠦᠬᠡ ᠰᠤᠶᠤᠯ ᠤᠨ ᠴᠢᠬᠤᠯᠠ ᠨᠢᠭᠡᠨ ᠪᠦᠷᠢᠯᠳᠦᠭᠦᠨ ᠬᠡᠰᠡᠭ ᠪᠤᠯᠬᠤ ᠪᠠᠷ ᠪᠠᠷᠠᠬᠤ ᠦᠭᠡᠢ᠂ ᠦᠪᠡᠷ ᠤᠨ ᠬᠡᠰᠡᠨ ᠭᠠᠵᠠᠷ ᠤᠷᠤᠨ ᠤ ᠦᠪᠡᠷᠮᠢᠴᠡ ᠤᠨᠴᠠᠯᠢᠭ ᠢ ᠬᠠᠳᠠᠭᠠᠯᠠᠵᠤ᠂ ᠤᠷᠳᠤᠰ ᠮᠤᠩᠭᠤᠯ ᠪᠦᠰᠡᠭᠦ᠋ᠢᠴᠦᠳ ᠤᠨ ᠤᠷᠠᠨ ᠬᠤᠷᠤᠭᠤᠨ ᠤ ᠡᠷᠳᠡᠮ ᠪᠠ ᠤᠢ ᠤᠬᠠᠭᠠᠨ ᠢ ᠢᠯᠡᠷᠡᠭᠦᠯᠵᠤ ᠪᠠᠶᠢᠳᠠᠭ᠃ ᠲᠦᠷᠦᠭᠦᠬᠡᠨ ᠤᠷᠳᠤᠰ ᠬᠤᠳᠠ ᠶᠢᠨ ᠤᠳᠤᠭ ᠤᠨ ᠡᠮᠦᠨᠡᠳᠦ ᠬᠤᠰᠢᠭᠤᠨ ᠤ ᠦᠨᠳᠦᠰᠦᠳᠡᠨ ᠱᠠᠰᠢᠨ ᠰᠤᠷᠳᠠᠬᠤᠨ ᠤ ᠬᠡᠷᠡᠭ ᠡᠷᠬᠢᠯᠡᠬᠦ ᠲᠤᠪᠴᠢᠶ᠎ᠠ ᠠᠴᠠ ᠡᠮᠬᠢᠳᠭᠡᠨ ᠨᠠᠶᠢᠷᠠᠭᠤᠯᠤᠭᠰᠠᠨ 《ᠤᠷᠳᠤᠰ ᠮᠤᠩᠭᠤᠯ ᠤᠷᠠᠨ ᠬᠠᠳᠬᠤᠮᠠᠯ》ᠭᠡᠬᠦ ᠨᠤᠮ ᠤᠩᠰᠢᠭᠴᠢ ᠤᠯᠠᠨ ᠲᠠᠢ ᠪᠠᠨ ᠵᠤᠯᠭᠠᠵᠠᠢ᠃

    ᠲᠤᠰ ᠨᠤᠮ ᠳᠤ ᠤᠷᠳᠤᠰ ᠨᠤᠳᠤᠭ ᠤᠨ ᠡᠯ᠎ᠡ ᠬᠤᠰᠢᠭᠤᠨ ᠤ ᠤᠷᠠᠨ ᠬᠠᠳᠬᠤᠮᠠᠯᠴᠢᠨ ᠤ ᠬᠡᠰᠡᠭ ᠪᠦᠯᠦᠭ ᠤᠷᠠᠨ ᠬᠠᠳᠬᠤᠮᠠᠯ ᠤᠨ ᠪᠦᠲᠦᠭᠡᠯ ᠤᠳ ᠢ ᠰᠤᠩᠭᠤᠨ ᠤᠷᠤᠭᠤᠯᠪᠠ᠃ ᠡᠭᠦᠨ ᠳᠤ ᠬᠦᠬᠦᠦᠷ ᠳᠠᠯᠢᠩ᠂ ᠵᠡᠭᠦᠪᠴᠢ ᠬᠡᠳᠡᠪᠴᠢ᠂ ᠲᠤᠭᠤᠷᠴᠤᠭ ᠰᠢᠪᠡᠭ᠂ ᠲᠦᠷᠪᠡᠯᠵᠢᠨ ᠲᠡᠷ᠎ᠡ᠂ ᠳᠠᠮᠠᠬᠢᠨ ᠲᠤᠭᠤᠭᠠᠨ ᠤ ᠬᠠᠪᠳᠠᠭ᠎ᠠ᠂ ᠠᠶᠠᠭᠠᠨ ᠭᠡᠷ᠂ ᠮᠠᠬᠠᠢ ᠭᠤᠳᠤᠯ᠂ ᠳᠡᠷᠯᠢᠭ᠌ ᠤᠤᠵᠢ᠂ ᠬᠠᠨᠵᠢᠶᠠᠷᠢ᠂ ᠮᠤᠷᠢᠨ ᠮᠠᠩᠨᠠᠶᠢᠪᠴᠢ᠂ ᠪᠤᠭᠴᠤ ᠬᠠᠪᠳᠠᠭ᠎ᠠ᠂ ᠪᠤᠰᠤᠳ ᠬᠠᠳᠬᠤᠮᠠᠯ ᠵᠡᠷᠭᠡ ᠶᠢᠨ ᠤᠯᠠᠨ ᠲᠦᠷᠦᠯ ᠵᠦᠢᠯ ᠤᠨ ᠤᠷᠳᠤᠰ ᠨᠤᠳᠤᠭ ᠤᠨ ᠤᠷᠠᠨ ᠬᠠᠳᠬᠤᠮᠠᠯ ᠤᠨ ᠪᠦᠲᠦᠭᠡᠯ ᠢ ᠭᠡᠷᠡᠯ ᠵᠢᠷᠤᠭ ᠢᠶᠠᠷ ᠳᠠᠮᠵᠢᠨ ᠤᠩᠰᠢᠭᠴᠢ ᠤᠯᠠᠨ ᠳᠠᠭᠠᠨ ᠳᠠᠨᠢᠭᠤᠯᠤᠭᠰᠠᠨ ᠶᠤᠮ᠃

    ᠦᠨᠢᠷ ᠪᠠᠶᠠᠯᠢᠭ ᠲᠡᠦᠬᠡ ᠰᠤᠶᠤᠯ ᠤᠨ ᠦᠪ ᠢ ᠶᠢᠷᠳᠢᠨᠴᠦ ᠶᠢᠨ ᠬᠠᠷᠠᠭᠠᠨ ᠳᠤ ᠳᠤᠯᠢᠯᠠᠭᠤᠯᠵᠤ ᠴᠢᠳᠠᠭᠰᠠᠨ ᠤᠷᠠᠨ ᠬᠠᠳᠬᠤᠮᠠᠯ ᠤᠨ ᠡᠨᠡᠬᠦ ᠨᠤᠮ ᠠᠴᠠ ᠤᠷᠳᠤᠰ ᠨᠤᠳᠤᠭ ᠤᠨ ᠠᠷᠠᠳ ᠲᠦᠮᠡᠨ ᠤ ᠠᠮᠢᠳᠤᠷᠠᠯ ᠦᠢᠯᠡᠳᠪᠦᠷᠢᠯᠡᠯ ᠤᠨ ᠬᠡᠪ ᠨᠠᠮᠪᠠ᠂ ᠪᠠᠶᠢᠭᠠᠯᠢ ᠠᠬᠤᠢ᠂ ᠰᠤᠶᠤᠯ ᠤᠷᠠᠯᠢᠭ᠂ ᠵᠠᠩ ᠵᠠᠩᠰᠢᠯ᠂ ᠤᠶᠤᠨ ᠤᠬᠠᠭᠠᠨ᠂ ᠠᠪᠢᠶᠠᠰ ᠪᠢᠯᠢᠭ᠌᠂ ᠬᠠᠶᠢᠷ᠎ᠡ ᠰᠡᠳᠬᠢᠯᠭᠡ ᠵᠡᠷᠭᠡ ᠶᠢ ᠤᠢᠢᠯᠠᠭᠠᠵᠤ ᠪᠤᠯᠳᠠᠭ᠃ ᠤᠷᠠᠨ ᠬᠠᠳᠬᠤᠮᠠᠯ ᠨᠢ ᠤᠷᠳᠤᠰ ᠮᠤᠩᠭᠤᠯ ᠪᠦᠰᠡᠭᠦ᠋ᠢᠴᠤᠳ ᠤᠨ ᠦᠶ᠎ᠡ ᠶᠢᠨ ᠦᠶ᠎ᠡ ᠤᠯᠠᠮᠵᠢᠯᠠᠭᠰᠠᠭᠠᠷ ᠢᠷᠡᠭᠰᠡᠨ ᠦᠨᠳᠦᠰᠦᠳᠡᠨ ᠤ ᠲᠡᠦᠬᠡ ᠰᠤᠶᠤᠯ ᠤᠨ ᠤᠬᠢ ᠰᠤᠳᠤᠨ ᠪᠤᠯᠬᠤ ᠪᠦᠬᠡᠳ ᠮᠤᠩᠭᠤᠯ ᠦᠨᠳᠦᠰᠦᠳᠡᠨ ᠤ ᠪᠤᠳᠠᠰ ᠤᠨ ᠪᠤᠰᠤ ᠰᠤᠶᠤᠯ ᠤᠨ ᠨᠠᠨᠳᠢᠨ ᠦᠪ ᠪᠤᠯᠤᠨ᠎ᠠ᠃

ᠢᠷᠡᠯᠳᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠬᠡ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011120701120510037