蒙古文网站Logo
ᠰᠢᠨᠬᠤᠸᠠ ᠮᠤᠩᠭ᠋ᠤᠯ ᠨᠧᠲ

《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ

2017-02-24 11:15

    2 ᠰᠠᠷ᠎ᠠ ᠶᠢᠨ 22 ᠤ᠋᠋ᠨ ᠡᠳᠦᠷ᠂ ᠦᠪᠦᠷ ᠮᠤᠨᠭᠭᠤᠯ ᠤᠨ ᠦᠨᠳᠦᠰᠦᠲᠡᠨ ᠤ ᠤᠷᠠᠯᠢᠬ ᠵᠦᠴᠦᠭᠡ ᠶᠢᠨ ᠲᠢᠶᠠᠲ᠋ᠷ ᠤᠨ ᠦᠨᠳᠦᠰᠦᠲᠡᠨ ᠤ ᠬᠦᠭ᠍ᠵᠢᠮ ᠤᠨ ᠪᠦᠯᠬᠦᠮ ᠤᠨ ᠲᠤᠬᠯᠠᠬᠰᠠᠨ 《ᠤᠮᠠᠷᠠᠲᠤ ᠬᠢᠯᠢ ᠶᠢᠨ ᠢᠷᠠᠭᠤ ᠡᠭᠡᠰᠢᠭ᠌》 ᠲᠤᠮᠤ ᠬᠡᠯᠪᠡᠷᠢ ᠶᠢᠨ ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠶᠢᠨ ᠦᠯᠢᠭᠡᠷ ᠤᠨ ᠤᠷᠳᠤᠨ ᠳᠤ ᠪᠤᠯᠤᠯ᠎ᠠ᠃ ᠲᠤᠰ ᠦᠳᠡᠰᠢᠯᠡᠭᠡ ᠨᠢ 2 ᠰᠠᠷ᠎ᠠ ᠶᠢᠨ 25 ᠤ᠋ ᠡᠳᠦᠷ ᠪᠤᠯᠲᠠᠯ᠎ᠠ ᠦᠷᠭᠦᠯᠵᠢᠯᠡᠬᠦ ᠪᠠ ᠦᠯᠢᠭᠡᠷ ᠤᠨ ᠤᠷᠳᠤᠨ ᠡᠴᠡ ᠡᠳᠦᠷ ᠪᠦᠷᠢ(ᠲᠤᠬᠯᠠᠯᠲᠠ ᠶᠢᠨ ᠡᠳᠦᠷ) 16᠄ 00-17᠄ 00 ᠴᠠᠬ ᠤᠨ ᠬᠤᠭᠤᠷᠤᠨᠳᠤ 60 ᠲᠦᠯᠦᠪᠦᠷᠢ ᠦᠭᠡᠢ ᠲᠠᠰᠤᠯᠪᠤᠷᠢ ᠬᠠᠨᠭᠭᠠᠵᠦ ᠪᠤᠢ᠃

    《ᠤᠮᠠᠷᠠᠲᠤ ᠬᠢᠯᠢ ᠶᠢᠨ ᠢᠷᠠᠭᠤ ᠡᠭᠡᠰᠢᠭ᠌》 ᠲᠤᠮᠤ ᠬᠡᠯᠪᠡᠷᠢ ᠶᠢᠨ ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠨᠢ 2016 ᠤᠨ ᠤ ᠵᠤᠨ᠂ ᠠᠷᠪᠠᠨ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠦᠪᠦᠷ ᠮᠤᠨᠭᠭᠤᠯ ᠤᠨ ᠲᠠᠯ᠎ᠠ ᠨᠤᠲᠤᠬ ᠤᠨ ᠰᠤᠶᠤᠯ ᠤᠨ ᠨᠠᠶᠢᠷ ᠳᠡᠭᠡᠷ᠎ᠡ ᠰᠢᠯᠢᠳᠡᠭ ᠱᠠᠨᠭᠨᠠᠯ ᠭᠠᠷᠳᠠᠬᠰᠠᠨ ᠪᠦᠭᠡᠳ ᠤᠯᠤᠰ ᠤᠨ ᠰᠤᠶᠤᠯ ᠤᠨ ᠶᠠᠮᠤᠨ ᠤ ᠵᠤᠬᠢᠶᠠᠨ ᠪᠠᠶᠢᠭᠤᠯᠤᠬᠰᠠᠨ ᠭᠤᠷᠪᠠᠳᠤᠭᠠᠷ ᠬᠤᠭᠤᠴᠠᠭᠠᠨ ᠤ ᠲᠤᠷᠭᠠᠨ ᠤ ᠵᠠᠮ ᠤᠨ ᠤᠯᠠᠨ ᠤᠯᠤᠰ ᠤᠨ ᠤᠷᠠᠯᠢᠬ ᠤᠨ ᠨᠠᠶᠢᠷ ᠲᠤ ᠰᠤᠳᠤᠨ ᠪᠦᠲᠦᠭᠡᠯ ᠢᠶᠡᠷ ᠰᠤᠨᠭᠭᠤᠬᠳᠠᠨ ᠲᠤᠬᠯᠠᠵᠦ᠂ ᠪᠠᠰᠠ ᠰᠢ ᠠᠨ᠂ ᠬᠦᠬᠡᠬᠤᠲᠠ ᠵᠡᠷᠭᠡ ᠭᠠᠵᠠᠷ ᠤᠳ ᠢᠶᠡᠷ ᠲᠦᠯᠦᠪᠦᠷᠢ ᠦᠭᠡᠢ ᠲᠤᠬᠯᠠᠵᠦ ᠶᠠᠪᠤᠵᠠᠢ᠃ 2016 ᠤᠨ ᠤ ᠳᠤᠮᠳᠠᠳᠤ ᠤᠯᠤᠰ ᠤᠨ ᠡᠵᠡᠨ᠎ᠡ ᠶᠢᠨ ᠠᠷᠪᠠᠨ ᠲᠤᠯᠤᠳᠠᠬᠢ ᠬᠤᠭᠤᠴᠠᠭᠠᠨ ᠤ ᠤᠯᠠᠨ ᠤᠯᠤᠰ ᠤᠨ ᠲᠤᠤᠷᠠᠢ ᠶᠢᠨ ᠨᠠᠭᠠᠳᠤᠮ ᠤᠨ ᠨᠡᠭᠡᠭᠡᠯᠲᠡ ᠶᠢᠨ ᠶᠤᠰᠤᠯᠠᠯ ᠳᠡᠭᠡᠷ᠎ᠡ ᠲᠤᠬᠯᠠᠵᠦ ᠦᠷᠭᠡᠨ ᠲᠦᠮᠡᠨ ᠦᠵᠡᠭ᠍ᠴᠢᠳ ᠤᠨ ᠬᠠᠯᠠᠭᠤᠨ ᠬᠦᠷᠢᠶᠡᠯᠡᠯ ᠢ ᠤᠯᠤᠬᠰᠠᠨ ᠪᠠᠶᠢᠨ᠎ᠠ᠃

ᠢᠷᠡᠯᠳᠡ᠄ ᠦᠪᠦᠷ ᠮᠤᠨᠭᠭᠤᠯ ᠤᠨ ᠰᠤᠨᠢᠨ ᠮᠡᠳᠡᠭᠡᠨ ᠤ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
关闭
010070230030000000000000011100001120523541