蒙古文网站Logo
ᠰᠢᠨᠬᠤᠸᠠ ᠮᠤᠩᠭ᠋ᠤᠯ ᠨᠧᠲ

ᠦᠪᠦᠷ ᠮᠤᠨᠭᠭᠤᠯ᠄ ᠵᠢᠦᠢ ᠶᠠᠨ ᠤ ᠪᠠᠭᠤᠷᠢ ᠵᠢ ᠳᠡᠯᠡᠬᠡᠢ ᠶᠢᠨ ᠦᠪ  ᠲᠤ ᠪᠦᠷᠢᠳᠬᠡᠭᠦᠯᠬᠦ ᠪᠡᠷ ᠭᠤᠶᠤᠴᠢᠯᠠᠬᠤ ᠠᠵᠢᠯ ᠡᠬᠢᠯᠡᠪᠡ

2017-02-27 10:45

    ᠵᠢᠦᠢ ᠶᠠᠨ ᠤ ᠪᠠᠭᠤᠷᠢ ᠵᠢ ᠳᠡᠯᠡᠬᠡᠢ ᠶᠢᠨ ᠪᠡᠶᠡᠲᠤ ᠪᠤᠰᠤ ᠰᠤᠶᠤᠯ ᠤᠨ ᠦᠪ ᠲᠤ ᠪᠦᠷᠢᠳᠬᠡᠬᠦᠯᠬᠦ ᠪᠡᠷ ᠭᠤᠶᠤᠴᠢᠯᠠᠬᠤ ᠮᠡᠭᠡᠵᠢᠯᠲᠡᠳ ᠤᠨ ᠪᠠᠬ ᠲᠦᠷᠦᠭᠦᠭᠡᠨ ᠡᠵᠡᠨ᠎ᠡ ᠬᠤᠰᠢᠭᠤᠨ ᠳᠤ ᠬᠦᠷᠴᠦ ᠭᠠᠵᠠᠷ ᠳᠡᠭᠡᠷ᠎ᠡ ᠨᠢ ᠪᠠᠶᠢᠴᠠᠭᠠᠨ ᠰᠢᠨᠵᠢᠯᠡᠵᠡᠢ ᠬᠡᠮᠡᠨ ᠦᠪᠦᠷ ᠮᠤᠨᠭᠭᠤᠯ ᠤᠨ ᠲᠡᠦᠬᠡ ᠶᠢᠨ ᠳᠤᠷᠠᠰᠬᠠᠯᠲᠤ ᠪᠤᠳᠠᠰ ᠤᠨ ᠲᠤᠪᠴᠢᠶ᠎ᠠ ᠶᠢᠨ 23 ᠤ᠋ ᠡᠳᠦᠷ ᠤᠨ ᠨᠡᠶᠢᠲᠡᠯᠡᠭᠰᠡᠨ ᠮᠡᠳᠡᠭᠡᠨ ᠳᠤ ᠦᠭᠦᠯᠡᠵᠡᠢ᠃ ᠡᠨᠡ ᠨᠢ ᠳᠠᠷᠤᠢ 《13·5》 ᠤ᠋ᠨ ᠪᠠᠭᠤᠷᠢ ᠬᠠᠮᠠᠭᠠᠯᠠᠬᠤ ᠲᠦᠰᠦᠯ ᠳᠤ ᠬᠠᠮᠤᠷᠤᠬᠳᠠᠬᠰᠠᠨ ᠵᠢᠦᠢ ᠶᠠᠨ ᠤ ᠪᠠᠭᠤᠷᠢ ᠵᠢ ᠳᠡᠯᠡᠬᠡᠢ ᠶᠢᠨ ᠪᠡᠶᠡᠲᠤ ᠪᠤᠰᠤ ᠰᠤᠶᠤᠯ ᠤᠨ ᠦᠪ ᠲᠤ ᠪᠦᠷᠢᠳᠬᠡᠭᠦᠯᠬᠦ ᠪᠡᠷ ᠭᠤᠶᠤᠴᠢᠯᠠᠬᠤ ᠠᠵᠢᠯ ᠵᠢᠩᠬᠢᠨᠢ ᠪᠡᠷ ᠡᠬᠢᠯᠡᠭᠰᠡᠨ ᠢ ᠬᠠᠷᠠᠭᠤᠯᠵᠦ ᠪᠠᠶᠢᠨ᠎ᠠ᠃ ᠋

    2 ᠰᠠᠷ᠎ᠠ ᠶᠢᠨ 17-19 ᠤ᠋ ᠡᠳᠦᠷ ᠪᠤᠯᠲᠠᠯ᠎ᠠ᠂ ᠳᠤᠮᠳᠠᠳᠤ ᠤᠯᠤᠰ ᠤᠨ ᠳᠤᠷᠠᠰᠬᠠᠯᠲᠤ ᠪᠤᠳᠠᠰ ᠤᠨ ᠨᠡᠶᠢᠭᠡᠮᠯᠢᠭ᠌ ᠤᠨ ᠳᠡᠳ᠋ ᠳᠠᠷᠤᠭ᠎ᠠ᠂ ᠳᠡᠯᠡᠬᠡᠢ ᠶᠢᠨ ᠦᠪ ᠰᠤᠳᠤᠯᠤᠯ ᠤᠨ ᠨᠡᠶᠢᠭᠡᠮᠯᠢᠭ᠌ ᠤᠨ ᠳᠠᠷᠤᠭ᠎ᠠ᠂ ᠤᠯᠠᠨ ᠤᠯᠤᠰ ᠤᠨ ᠡᠷᠲᠡᠨ ᠤ ᠦᠯᠡᠳᠡᠭᠳᠡᠯ ᠤᠨ ᠬᠡᠷᠡᠭ ᠡᠷᠬᠢᠯᠡᠬᠦ ᠵᠦᠪᠯᠡᠯ ᠤᠨ ᠤᠤᠯ ᠤᠨ ᠳᠡᠳ᠋ ᠲᠡᠷᠢᠭᠦᠯᠡᠭᠴᠢ ᠭᠦᠸᠸ ᠵᠠᠨ ᠲᠦᠷᠦᠭᠦᠦ ᠲᠠᠢ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠠᠺᠠᠳ᠋ᠧᠮᠢ ᠶᠢᠨ ᠠᠷᠬᠢᠯᠤᠬᠢ ᠰᠤᠳᠤᠯᠤᠯ ᠤᠨ ᠭᠠᠵᠠᠷ ᠤᠨ ᠰᠤᠶᠤᠯ ᠤᠨ ᠦᠪ ᠢ ᠬᠠᠮᠠᠭᠠᠯᠬᠤ ᠲᠦᠪ᠂ ᠪᠡᠭᠡᠵᠢᠩ ᠶᠡᠬᠡ ᠰᠤᠷᠭᠠᠭᠤᠯᠢ᠂ ᠴᠢᠩᠬᠤᠸᠠ ᠲᠦᠩ ᠾᠧᠩ ᠲᠦᠰᠦᠯ ᠤᠨ ᠬᠦᠷᠢᠶᠡᠯᠡᠩ ᠤᠨ ᠦᠪ ᠬᠦᠷᠦᠩᠭᠡ ᠶᠢᠨ ᠲᠦᠪ ᠤᠨ ᠤᠷᠤᠯᠴᠠᠬᠰᠠᠨ ᠵᠢᠦᠢ ᠶᠠᠨ ᠤ ᠪᠠᠭᠤᠷᠢ ᠵᠢ ᠳᠡᠯᠡᠬᠡᠢ ᠶᠢᠨ ᠦᠪ ᠲᠤ ᠪᠦᠷᠢᠳᠬᠡᠬᠦᠯᠬᠦ ᠪᠡᠷ ᠭᠤᠶᠤᠴᠢᠯᠠᠬᠤ ᠮᠡᠭᠡᠵᠢᠯᠲᠡᠳ ᠤᠨ ᠪᠠᠬ ᠨᠢ ᠦᠪᠦᠷ ᠮᠤᠨᠭᠭᠤᠯ ᠤᠨ ᠡᠵᠡᠨ᠎ᠡ ᠬᠤᠰᠢᠭᠤᠨ ᠳᠤ ᠬᠦᠷᠴᠦ ᠭᠠᠵᠠᠷ ᠳᠡᠭᠡᠷ᠎ᠡ ᠨᠢ ᠪᠠᠶᠢᠴᠠᠭᠠᠨ ᠰᠢᠨᠵᠢᠯᠡᠵᠡᠢ᠃ ᠮᠡᠷᠭᠡᠵᠢᠯᠲᠡᠳ ᠤᠨ ᠪᠠᠬ ᠬᠠᠷ᠎ᠠ ᠬᠤᠲᠠ ᠶᠢᠨ ᠪᠠᠭᠤᠷᠢ᠂ ᠳ᠋ᠠ ᠲᠦᠩ ᠴᠧᠩ ᠬᠤᠲᠠ ᠶᠢᠨ ᠪᠠᠭᠤᠷᠢ᠂ ᠨᠤᠭᠤᠭᠠᠨ ᠬᠤᠲᠠ ᠶᠢᠨ ᠪᠠᠭᠤᠷᠢ᠂ ᠵᠢᠶᠠ ᠴᠢᠦᠢ ᠬᠡᠷᠬᠡᠮᠲᠡᠨ ᠨᠤᠶᠠᠨ ᠤ ᠬᠤᠲᠠ ᠶᠢᠨ ᠪᠠᠭᠤᠷᠢ᠂ ᠳ᠋ᠢ ᠸᠠᠨ ᠬᠤᠲᠠ ᠶᠢᠨ ᠪᠠᠭᠤᠷᠢ᠂ ᠵᠢᠶᠠᠨ ᠱᠦᠢ ᠵᠢᠨ ᠭᠤᠸᠠᠨ ᠪᠤᠭᠤᠮᠲᠠ ᠶᠢᠨ ᠪᠠᠭᠤᠷᠢ᠂ ᠳ᠋ᠦ᠋ᠩ ᠹᠧᠩ ᠰᠠᠨᠰᠠᠷ ᠤᠨ ᠬᠤᠲᠠ ᠶᠢᠨ ᠪᠠᠭᠤᠷᠢ ᠵᠡᠷᠭᠡ ᠳᠤ ᠪᠠᠶᠢᠴᠠᠭᠠᠯᠲᠠ ᠬᠢᠵᠦ᠂ ᠵᠢᠦᠢ ᠶᠠᠨ ᠤ ᠪᠠᠭᠤᠷᠢ ᠶᠢᠨ ᠲᠠᠷᠠᠬᠯᠲᠠ ᠶᠢᠨ ᠬᠡᠪᠴᠢᠶ᠎ᠡ᠂ ᠬᠠᠮᠠᠭᠠᠯᠠᠬᠳᠠᠵᠦ ᠪᠠᠶᠢᠭ᠎ᠠ ᠪᠠᠶᠢᠳᠠᠯ᠂ ᠳᠡᠯᠭᠡᠭ᠍ᠳᠡᠨ ᠠᠰᠢᠬᠯᠠᠬᠳᠠᠵᠦ ᠪᠠᠶᠢᠭ᠎ᠠ ᠪᠠᠶᠢᠳᠠᠯ ᠪᠤᠯᠤᠨ ᠪᠠᠶᠢᠭᠠᠯᠢ ᠤᠷᠴᠢᠨ  ᠤ ᠨᠦᠬᠦᠴᠡᠯ ᠤᠨ ᠲᠠᠯ᠎ᠠ ᠪᠡᠷ ᠨᠠᠷᠢᠨ ᠲᠠᠨᠢᠯᠴᠠᠬᠰᠠᠨ ᠪᠠᠶᠢᠨ᠎ᠠ᠃

ᠵᠢᠦᠢ ᠶᠠᠨ ᠤ ᠪᠠᠭᠤᠷᠢ(ᠵᠢᠷᠤᠬ ᠢ ᠨᠧᠲ ᠡᠴᠡ)

ᠢᠷᠡᠯᠳᠡ᠄ ᠤᠮᠠᠷᠠᠲᠤ ᠶᠢᠨ ᠰᠢᠨ᠎ᠡ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
关闭
010070230030000000000000011100001120534822