蒙古文网站Logo
ᠰᠢᠨᠬᠤᠸᠠ ᠮᠤᠩᠭ᠋ᠤᠯ ᠨᠧᠲ

2016 ᠤᠨ ᠤ ᠳᠤᠮᠳᠠᠳᠤ ᠤᠯᠤᠰ ᠤᠨ ᠵᠤᠬᠢᠶᠠᠯ ᠪᠦᠲᠦᠭᠡᠯ ᠤᠨ ᠠᠷᠪᠠᠨ ᠶᠡᠬᠡ ᠦᠮᠴᠢᠲᠡᠨ ᠢ ᠰᠢᠯᠭᠠᠷᠠᠭᠤᠯᠤᠬᠰᠠᠨ ᠪᠠᠶᠢᠨ᠎ᠠ

2017-02-27 10:55

    22 ᠤ᠋ᠨ ᠡᠳᠦᠷ ᠪᠡᠭᠡᠵᠢᠩ ᠳᠤ ᠪᠣᠯᠣᠭᠰᠠᠨ ᠳᠤᠮᠳᠠᠳᠤ ᠤᠯᠤᠰ ᠤᠨ ᠬᠡᠪᠯᠡᠯ ᠦᠨ ᠥᠮᠴᠢ ᠶ᠋ᠢᠨ ᠦᠢᠯᠡᠴᠢᠯᠡᠭᠡᠨ ᠦ ᠣᠨ ᠤ ᠬᠤᠷᠠᠯ ᠳᠡᠭᠡᠷ᠎ᠡ 2016 ᠣᠨ ᠤ ᠳᠤᠮᠳᠠᠳᠤ ᠤᠯᠤᠰ ᠤᠨ ᠵᠣᠬᠢᠶᠠᠯ ᠪᠦᠲᠦᠭᠡᠯ ᠦᠨ ᠠᠷᠪᠠᠨ ᠶᠡᠬᠡ ᠥᠮᠴᠢᠲᠡᠨ ᠢ ᠰᠢᠯᠭᠠᠷᠠᠭᠤᠯᠤᠭᠰᠠᠨ ᠪᠠᠶᠢᠨ᠎ᠠ ᠃ ᠰᠠᠨᠠᠭᠠᠴᠢᠯᠠᠬᠰᠠᠨ ᠲᠠᠯ᠎ᠠ ᠪᠤᠯᠬᠤ ᠳᠤᠮᠳᠠᠳᠤ ᠤᠯᠤᠰ ᠤᠨ ᠬᠡᠪᠯᠡᠯ ᠦᠨ ᠥᠮᠴᠢ ᠶ᠋ᠢ ᠬᠠᠮᠠᠭᠠᠯᠠᠬᠤ ᠲᠥᠪ ᠤᠨ ᠬᠠᠮᠢᠶᠠᠲᠠᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ ᠂ ᠤᠯᠤᠰ ᠤᠨ ᠡᠭᠦᠳᠦᠯᠲᠡ ᠪᠦᠲᠦᠭᠡᠯᠲᠡ ᠶ᠋ᠢᠨ ᠬᠥᠳᠡᠯᠭᠡᠭ᠍ᠴᠢ ᠬᠦᠴᠦᠨ ᠪᠠ ᠠᠭᠤᠰᠤᠯᠴᠠᠭᠤᠯᠤᠨ ᠬᠥᠭ᠍ᠵᠢᠭᠦᠯᠬᠦ ᠪᠠᠶᠢᠯᠳᠤᠬᠤ ᠪᠣᠳᠣᠯᠭ᠎ᠠ ᠶ᠋ᠢ ᠬᠡᠷᠡᠭᠵᠢᠭᠦᠯᠬᠦ ᠶ᠋ᠢ ᠳᠠᠭᠠᠯᠳᠤᠨ ᠢᠠᠲ᠋ᠸᠷᠨᠧᠲ ᠤᠨ ᠰᠤᠷᠠᠬ ᠵᠠᠩᠭᠢ ᠶ᠋ᠢᠨ ᠮᠡᠷᠭᠡᠵᠢᠯ ᠦᠨ ᠣᠷᠴᠢᠨ ᠳ᠋ᠤ ᠶᠠᠪᠤᠬᠤ ᠲᠤᠰᠤᠮ ᠶᠢᠡᠨ ᠨᠡᠩ ᠣᠯᠠᠨ ᠪᠦᠲᠦᠭᠡᠯ ᠴᠠᠭ ᠦᠶ᠎ᠡ ᠲᠠᠢ ᠵᠡᠷᠭᠡᠴᠡᠨ ᠤᠷᠤᠭᠰᠢᠯᠠᠵᠤ᠂ ᠰᠤᠷᠠᠬ ᠵᠠᠩᠭᠢ ᠶ᠋ᠢᠨ ᠲᠣᠭᠠᠴᠢᠯᠠᠭᠰᠠᠨ ᠠᠷᠭ᠎ᠠ ᠬᠡᠮᠵᠢᠶ᠎ᠡ ᠶ᠋ᠢ ᠠᠰᠢᠭᠯᠠᠵᠤ᠂ ᠡᠭᠦᠳᠦᠯᠲᠡ ᠰᠢᠨᠡᠴᠢᠯᠡᠯᠲᠡ ᠨᠢ ᠣᠷᠣᠨ ᠵᠠᠢ ᠶ᠋ᠢ ᠠᠯᠤᠰᠯᠠᠨ ᠤᠶᠠᠯᠳᠤᠨ ᠠᠭᠤᠰᠤᠯᠴᠠᠬᠤ ᠳᠤᠮᠳᠠ ᠪᠠᠨ ᠨᠡᠩ ᠰᠠᠶᠢᠨ ᠦᠷ᠎ᠡ ᠠᠰᠢᠭ ᠲᠠᠢ ᠪᠣᠯᠵᠤ ᠂ ᠬᠡᠪᠯᠡᠯ ᠦᠨ ᠥᠮᠴᠢ ᠶ᠋ᠢ ᠦᠨ᠎ᠡ ᠥᠷᠲᠡᠭ ᠲᠠᠢ ᠪᠣᠯᠭᠠᠭᠰᠠᠨ ᠶᠤᠮ ᠭᠡᠵᠡᠢ᠃

    ᠡᠨᠡ ᠤᠳᠠᠭᠠᠨ ᠤ ᠦᠨᠡᠯᠡᠨ ᠰᠢᠯᠭᠠᠷᠠᠭᠤᠯᠬᠤ ᠠᠵᠢᠯᠯᠠᠭ᠎ᠠ ᠨᠢ ᠡᠭᠦᠳᠦᠨ ᠪᠦᠲᠦᠭᠡᠬᠦ ᠶ᠋ᠢ ᠬᠦᠨᠳᠦᠳᠬᠡᠬᠦ ᠪᠡᠷ ᠭᠤᠤᠯ ᠪᠣᠯᠭᠠᠵᠤ ᠂ ᠵᠣᠬᠢᠶᠠᠨ ᠪᠠᠶᠢᠭᠤᠯᠬᠤ ᠺᠣᠮᠢᠰ ᠤᠨ ᠠᠩᠬᠠᠨ ᠤ ᠰᠢᠯᠭᠠᠷᠠᠭᠤᠯᠤᠯᠲᠠ ᠪᠠ ᠲᠤᠰᠬᠠᠢ ᠮᠡᠷᠭᠡᠵᠢᠯᠲᠡᠳ ᠦᠨ ᠦᠨᠡᠯᠡᠨ ᠰᠢᠯᠭᠠᠷᠠᠭᠤᠯᠬᠤ ᠬᠤᠷᠠᠯ ᠢᠶᠠᠷ ᠳᠠᠮᠵᠢᠨ ᠡᠴᠦᠰ ᠲᠤ 2016 ᠣᠨ ᠤ ᠳᠤᠮᠳᠠᠳᠤ ᠤᠯᠤᠰ ᠤᠨ ᠵᠣᠬᠢᠶᠠᠯ ᠪᠦᠲᠦᠭᠡᠯ ᠦᠨ ᠠᠷᠪᠠᠨ ᠲᠣᠮᠣ ᠥᠮᠴᠢᠲᠡᠨ ᠢ ᠰᠢᠯᠭᠠᠷᠠᠭᠤᠯᠵᠦ᠂ ᠡᠭᠦᠨ ᠳᠤ ᠮᠦᠭᠳᠡᠨ ᠬᠣᠲᠠ ᠶ᠋ᠢᠨ ᠮᠠᠰᠢᠨ ᠮᠧᠬᠠᠨᠢᠭ ᠤᠨ ᠬᠤᠪᠢᠴᠠᠭᠠᠲᠤ ᠬᠢᠵᠠᠭᠠᠷᠲᠤ ᠺᠣᠮᠫᠠᠨᠢ᠂ ᠪᠡᠭᠡᠵᠢᠩ ᠦᠨ ᠰᠢᠶᠠᠩ ᠴᠸᠩ ᠢᠨᠲ᠋ᠧᠷᠨᠧᠲ ᠰᠢᠨᠵᠢᠯᠡᠬᠦ ᠤᠬᠠᠭᠠᠨ ᠮᠡᠷᠭᠡᠵᠢᠯ ᠦᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠳᠠᠭᠤᠷᠢ ᠶ᠋ᠢᠨ ᠲᠢᠶᠠᠲ᠋ᠷ᠂ ᠲᠢᠶᠠᠨᠵᠢᠨ ᠬᠣᠲᠠ ᠶ᠋ᠢᠨ ᠴᠦᠠ ᠲᠢᠶᠠᠠ ᠺᠢᠨᠣ᠋ ᠦᠢᠯᠡᠰ ᠦᠨ ᠬᠤᠪᠢᠴᠠᠭᠠᠲᠤ ᠬᠢᠵᠠᠭᠠᠷᠲᠤ ᠺᠣᠮᠫᠠᠨᠢ ᠵᠡᠷᠭᠡ ᠪᠠᠭᠲᠠᠵᠠᠢ᠃

ᠢᠷᠡᠯᠳᠡ᠄ ᠳᠤᠮᠳᠠᠳᠤ ᠤᠯᠤᠰ ᠤᠨ ᠮᠤᠨᠭᠭᠤᠯ ᠷᠠᠳᠢᠤ᠋ ᠰᠦᠯᠵᠢᠶ᠎ᠡ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
关闭
010070230030000000000000011100001120534925