蒙古文网站Logo
ᠰᠢᠨᠬᠤᠸᠠ ᠮᠤᠩᠭ᠋ᠤᠯ ᠨᠧᠲ

《ᠤᠷᠠᠨ ᠠᠪᠬᠠᠯᠵᠢᠲᠠᠢ ᠡᠪᠡᠰᠦᠨ ᠬᠡᠦᠬᠡᠳ》 ᠢ᠋ ᠦᠪᠦᠷ ᠮᠤᠨᠭᠭᠤᠯ ᠳᠤ ᠨᠡᠪᠲᠡᠷᠡᠭᠦᠯᠵᠦ ᠡᠬᠢᠯᠡᠯ᠎ᠡ

2017-02-27 11:07

    2 ᠰᠠᠷ᠎ᠠ ᠶᠢᠨ 26 ᠤ᠋ ᠡᠳᠦᠷ᠂ ᠮᠠᠨ ᠤ ᠤᠯᠤᠰ ᠤᠨ ᠠᠨᠭᠬᠠᠳᠠᠬᠴᠢ ᠲᠠᠯ᠎ᠠ ᠨᠤᠲᠤᠬ ᠤᠨ ᠠᠮᠢ ᠠᠬᠤᠢ  ᠪᠡᠷ ᠰᠡᠳᠦᠪᠯᠡᠭᠰᠡᠨ 52 ᠠᠩᠬᠢᠲᠤ 3D ᠺᠠᠷᠲ᠋ᠤᠨ 《ᠤᠷᠠᠨ ᠠᠪᠬᠠᠯᠵᠢᠲᠠᠢ ᠡᠪᠡᠰᠦᠨ ᠬᠡᠦᠬᠡᠳ》 ᠢ᠋ ᠤᠷᠤᠢ ᠪᠦᠷᠢ ᠶᠢᠨ 17᠄ 30 ᠴᠠᠬ ᠲᠤ ᠦᠪᠦᠷ ᠮᠤᠨᠭᠭᠤᠯ ᠤᠨ ᠤᠳᠤᠨ ᠲᠧᠯᠸᠢᠰ ᠢᠶᠡᠷ ᠨᠡᠪᠲᠡᠷᠡᠭᠦᠯᠵᠦ ᠡᠬᠢᠯᠡᠪᠡ᠃

    ᠤᠶᠢᠯᠠᠭᠠᠬᠰᠠᠨ ᠢᠶᠡᠷ᠂ 《ᠤᠷᠠᠨ ᠠᠪᠬᠠᠯᠵᠢᠲᠠᠢ ᠡᠪᠡᠰᠦᠨ ᠬᠡᠦᠬᠡᠳ》 ᠪᠤᠯ 《9·3》ᠡᠷᠳᠡᠮ ᠰᠢᠨᠵᠢᠯᠡᠭᠡᠨ ᠤ ᠨᠡᠶᠢᠭᠡᠮᠯᠢᠭ᠌ ᠤᠨ ᠪᠤᠭᠤᠲᠤ ᠬᠤᠲᠠ ᠶᠢᠨ ᠭᠡᠰᠢᠭᠦᠳ ᠤᠨ ᠵᠦᠪᠯᠡᠯ ᠡᠴᠡ ᠲᠦᠰᠦᠪᠯᠡᠵᠦ᠂ ᠦᠪᠦᠷ ᠮᠤᠨᠭᠭᠤᠯ ᠤᠨ ᠡᠦ ᠹᠧᠩ ᠰᠤᠶᠤᠯ ᠵᠠᠭᠤᠴᠢ ᠶᠢᠨ ᠬᠢᠵᠠᠭᠠᠷᠲᠤ ᠺᠤᠮᠫᠠᠨᠢ ᠬᠢᠵᠦ ᠪᠦᠲᠦᠭᠡᠭᠡᠳ᠂ ᠪᠤᠭᠤᠲᠤ ᠬᠤᠲᠠ ᠶᠢᠨ ᠰᠤᠶᠤᠯ ᠬᠦᠷᠦᠩᠭᠡ ᠤᠷᠤᠭᠤᠯᠤᠯᠲᠠ ᠶᠢᠨ ᠭᠢᠵᠠᠭᠠᠷᠲᠤ ᠺᠤᠮᠫᠠᠨᠢ  ᠡᠴᠡ ᠬᠠᠮᠲᠤᠷᠠᠨ ᠰᠤᠷᠲᠠᠯᠴᠢᠯᠠᠵᠠᠢ᠃ ᠡᠨᠡ ᠪᠤᠯ ᠦᠪᠦᠷ ᠮᠤᠨᠭᠭᠤᠯ ᠤᠨ ᠠᠩᠬᠠᠳᠠᠬᠴᠢ 3D ᠺᠠᠷᠲ᠋ᠤᠨ᠂ ᠮᠦᠨ ᠳᠤᠮᠳᠠᠳᠤ ᠤᠯᠤᠰ ᠤᠨ ᠠᠨᠭᠬᠠᠳᠠᠬᠴᠢ ᠲᠠᠯ᠎ᠠ ᠨᠤᠲᠤᠬ ᠤᠨ ᠠᠮᠢ ᠠᠬᠤᠢ ᠶᠢᠨ ᠰᠡᠳᠦᠪᠲᠤ 3D ᠺᠠᠷᠲ᠋ᠤᠨ ᠪᠠᠶᠢᠭ᠎ᠠ᠃

    2016 ᠤᠨ ᠤ 12 ᠰᠠᠷ᠎ᠠ ᠶᠢᠨ 23 ᠤ᠋ ᠡᠳᠦᠷ᠂ 《ᠤᠷᠠᠨ ᠠᠪᠬᠠᠯᠵᠢᠲᠠᠢ ᠡᠪᠡᠰᠦᠨ ᠬᠡᠦᠬᠡᠳ》 ᠢ᠋ ᠠᠢ ᠴᠢ ᠢ ᠪᠤᠯᠤᠨ ᠲᠧᠩ ᠰᠢᠶᠦ᠋ᠨ ᠢᠶᠡᠷ ᠨᠡᠪᠲᠡᠷᠡᠭᠦᠯᠦᠭᠰᠡᠨ ᠡᠴᠡ ᠦᠵᠡᠭᠴᠢᠳ ᠤᠨ ᠠᠨᠭᠬᠠᠷᠤᠯ ᠢ ᠶᠡᠬᠡᠪᠡᠷ ᠲᠠᠲᠠᠵᠦ᠂ 2017 ᠤᠨ ᠤ 2 ᠰᠠᠷ᠎ᠠ ᠶᠢᠨ 24 ᠪᠤᠯᠲᠠᠯ᠎ᠠ᠂ ᠳᠠᠷᠤᠮᠲᠠ ᠶᠢᠨ ᠲᠤᠭ᠎ᠠ ᠳᠠᠪᠬᠤᠷᠳᠠᠬᠰᠠᠨ ᠲᠤᠭ᠎ᠠ ᠪᠡᠷ 1700 ᠲᠦᠮᠡ ᠵᠢ ᠳᠠᠪᠠᠬᠰᠠᠨ ᠪᠠᠶᠢᠨ᠎ᠠ᠃ 《ᠤᠷᠠᠨ ᠠᠪᠬᠠᠯᠵᠢᠲᠠᠢ ᠡᠪᠡᠰᠦᠨ ᠬᠡᠦᠬᠡᠳ》 ᠢ᠋ ᠤᠳᠠᠬᠤ ᠦᠭᠡᠢ ᠤᠯᠤᠰ ᠤᠨ ᠳᠤᠲᠤᠭᠠᠳᠤ ᠶᠢᠨ ᠵᠠᠭᠤ ᠭᠠᠷᠤᠢ ᠲᠧᠯᠸᠢᠰ ᠪᠤᠶᠤ ᠨᠧᠲ ᠤᠨ ᠰᠤᠪᠠᠬ ᠢᠶᠡᠷ ᠨᠡᠪᠲᠡᠷᠠᠭᠦᠯᠬᠦ ᠪᠡᠷ ᠪᠠᠶᠢᠨ᠎ᠠ᠃

ᠢᠷᠡᠯᠳᠡ᠄ ᠤᠮᠠᠷᠠᠲᠤ ᠶᠢᠨ ᠰᠢᠨ᠎ᠡ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
关闭
010070230030000000000000011100001120535168