蒙古文网站Logo
ᠰᠢᠨᠬᠤᠸᠠ ᠮᠤᠩᠭ᠋ᠤᠯ ᠨᠧᠲ

ᠲᠠᠯ᠎ᠠ ᠨᠤᠲᠤᠬ ᠤᠨ ᠰᠤᠶᠤᠯ ᠤᠨ ᠬᠦᠭ᠍ᠵᠢᠯᠲᠡ ᠶᠢᠨ ᠲᠤᠰᠬᠠᠢ ᠲᠦᠷᠦᠯ ᠤᠨ ᠰᠠᠭᠤᠷᠢ ᠮᠦᠩᠭᠦᠨ ᠤ ᠨᠡᠶᠢᠬᠡᠮᠯᠢᠭ᠌ ᠪᠡᠭᠡᠵᠢᠩ ᠳᠤ ᠪᠠᠶᠢᠭᠤᠯᠤᠬᠳᠠᠪᠠ

2017-03-03 16:09

    ᠳᠤᠮᠳᠠᠳᠤ ᠤᠯᠤᠰ ᠤᠨ ᠦᠨᠳᠦᠰᠦᠲᠡᠨ ᠤ ᠰᠤᠶᠤᠯ ᠤᠷᠠᠯᠢᠬ ᠤᠨ ᠰᠠᠭᠤᠷᠢ ᠮᠦᠩᠭᠦᠨ ᠤ ᠨᠡᠶᠢᠭᠡᠮᠯᠢᠭ᠌ ᠤᠨ ᠲᠠᠯ᠎ᠠ ᠨᠤᠲᠤᠬ ᠤᠨ ᠰᠤᠶᠤᠯ ᠤᠨ ᠬᠦᠭ᠍ᠵᠢᠯᠲᠡ ᠶᠢᠨ ᠰᠠᠭᠤᠷᠢ ᠮᠦᠩᠭᠦᠨ ᠤ ᠨᠡᠶᠢᠬᠡᠮᠯᠢᠭ᠌ ᠪᠠᠶᠢᠭᠤᠯᠤᠬᠳᠠᠬᠤ ᠶᠤᠰᠤᠯᠠᠯ 2 ᠰᠠᠷ᠎ᠠ ᠶᠢᠨ 28 ᠤ᠋ ᠡᠳᠦᠷ ᠪᠡᠭᠡᠵᠢᠩ ᠳᠤ ᠪᠤᠯᠵᠦ ᠦᠩᠭᠡᠷᠡᠪᠡ᠃

    ᠲᠤᠰ ᠰᠠᠭᠤᠷᠢ ᠮᠦᠩᠭᠦ ᠵᠢ ᠰᠤᠶᠤᠯ ᠤᠨ ᠶᠠᠮᠤᠨ ᠤ ᠳᠤᠮᠳᠠᠳᠤ ᠤᠯᠤᠰ ᠤᠨ ᠦᠨᠳᠦᠰᠦᠲᠡᠨ ᠤ ᠰᠤᠶᠤᠯ ᠤᠷᠠᠯᠢᠬ ᠤᠨ ᠰᠠᠭᠤᠷᠢ ᠮᠦᠩᠭᠦᠨ ᠤ ᠨᠡᠶᠢᠭᠡᠮᠯᠢᠭ᠌ ᠵᠡᠷᠭᠡ ᠪᠠᠶᠢᠭᠤᠯᠤᠯᠭ᠎ᠠ ᠬᠠᠮᠲᠤᠷᠠᠨ ᠡᠭᠦᠰᠭᠡᠨ ᠪᠠᠶᠢᠭᠤᠯᠵᠠᠢ᠃ ᠲᠤᠰ ᠰᠠᠭᠤᠷᠢ ᠮᠦᠩᠭᠦ ᠨᠢ ᠲᠠᠯ᠎ᠠ ᠨᠤᠲᠤᠬ ᠤᠨ ᠬᠦᠨ ᠵᠤᠵᠠᠭᠠᠨ ᠰᠤᠶᠤᠯ ᠤᠨ ᠬᠦᠷᠦᠰᠦᠨ ᠳᠤ ᠲᠦᠰᠢᠭᠯᠡᠨ᠂ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠢ ᠨᠢᠬᠲᠠᠷᠠᠭᠤᠯᠵᠦ᠂ ᠲᠠᠯ᠎ᠠ ᠨᠤᠲᠤᠬ ᠤᠨ ᠰᠤᠶᠤᠯ ᠪᠠ ᠤᠷᠠᠯᠢᠬ ᠢ ᠠᠬᠢᠭᠤᠯᠬᠤ ᠬᠢᠭᠡᠳ ᠬᠦᠭ᠍ᠵᠢᠭᠦᠯᠬᠦ ᠳᠤ ᠠᠰᠢᠬᠲᠠᠢ ᠡᠯ᠎ᠡ ᠵᠦᠢᠯ ᠤᠨ ᠰᠤᠶᠤᠯ ᠤᠨ ᠠᠵᠢᠯᠯᠠᠭ᠎ᠠ ᠦᠷᠨᠢᠭᠦᠯᠬᠦ ᠵᠢ ᠳᠡᠮᠵᠢᠬᠦ᠂ ᠲᠠᠯ᠎ᠠ ᠨᠤᠲᠤᠬ ᠤᠨ ᠰᠤᠶᠤᠯ ᠢ ᠠᠭᠤᠳᠠᠯᠬᠤ ᠪᠠ ᠬᠦᠭ᠍ᠵᠢᠭᠦᠯᠵᠦ᠂ ᠲᠠᠯ᠎ᠠ ᠨᠤᠲᠤᠬ ᠤᠨ ᠦᠨᠳᠦᠰᠦᠲᠡᠨ ᠤ ᠰᠤᠶᠤᠯ ᠤᠨ ᠪᠦᠲᠦᠭᠡᠨ ᠪᠠᠶᠢᠭᠤᠯᠤᠯᠲᠠ ᠵᠢ ᠳᠡᠮᠵᠢᠬᠦ᠂ ᠲᠠᠯ᠎ᠠ ᠨᠤᠲᠤᠬ ᠤᠨ ᠤᠷᠤᠨ ᠪᠦᠰᠡ ᠶᠢᠨ ᠰᠤᠶᠤᠯ ᠤᠨ ᠪᠠᠶᠢᠭᠤᠯᠤᠯᠲᠠ ᠵᠢ ᠠᠬᠢᠭᠤᠯᠵᠦ᠂ ᠶᠠᠳᠠᠭᠤ ᠬᠦᠴᠢᠷᠳᠡᠯᠲᠡᠢ ᠠᠮᠠ ᠪᠦᠯᠢ ᠬᠢᠭᠡᠳ ᠰᠤᠷᠤᠯᠭ᠎ᠠ ᠠᠯᠳᠠᠬᠰᠠᠨ ᠬᠡᠦᠬᠡᠳ ᠲᠤ ᠲᠤᠰᠠᠯᠠᠮᠵᠢ ᠬᠦᠷᠲᠡᠭᠡᠨ᠂ ᠲᠠᠯ᠎ᠠ ᠨᠤᠲᠤᠬ ᠤᠨ ᠰᠤᠶᠤᠯ ᠰᠤᠷᠭᠠᠨ ᠬᠦᠮᠦᠵᠢᠯ᠂ ᠡᠳ᠋ ᠤᠨ ᠵᠠᠰᠠᠬ ᠤᠨ ᠬᠦᠭ᠍ᠵᠢᠯᠲᠡ ᠵᠢ ᠳᠡᠮᠵᠢᠬᠦ ᠵᠡᠷᠭᠡ ᠪᠡᠷ ᠵᠤᠷᠢᠯᠲᠠ ᠪᠠᠨ ᠪᠤᠯᠭᠠᠵᠠᠢ᠃

ᠢᠷᠡᠯᠳᠡ᠄ ᠦᠪᠦᠷ ᠮᠤᠨᠭᠭᠤᠯ ᠤᠨ ᠡᠳᠦᠷ ᠤᠨ ᠰᠤᠨᠢᠨ ᠤ ᠬᠤᠷᠶᠢ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
关闭
010070230030000000000000011100001120565018