蒙古文网站Logo
ᠰᠢᠨᠬᠤᠸᠠ ᠮᠤᠩᠭ᠋ᠤᠯ ᠨᠧᠲ

ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ

2017-03-06 16:20

    3 ᠰᠠᠷ᠎ ᠠ ᠶᠢᠨ 5 ᠤ᠋ ᠡᠳᠦᠷ᠂ ᠱᠠᠨᠭᠬᠠᠢ ᠬᠤᠲᠠ ᠶᠢᠨ ᠨᠤᠮ ᠤᠨ ᠰᠠᠩ ᠤᠨ ᠮᠡᠳᠡᠯᠭᠡ ᠶᠢᠨ ᠲᠠᠯᠠᠪᠠᠢ ᠶᠢᠨ ᠵᠡᠭᠦᠨ ᠲᠠᠯ᠎ᠠ ᠳᠡᠬᠢ ᠤᠷᠠᠨ ᠤᠨᠭᠰᠢᠯᠭ᠎ᠠ ᠶᠢᠨ ᠦᠷᠦᠭᠡᠨ ᠤ ᠡᠮᠦᠨ᠎ᠡ ᠬᠦᠮᠦᠰ ᠤᠷᠲᠤ ᠮᠦᠷᠦᠯᠡᠨ᠂ ᠵᠠᠷᠢᠮ ᠳᠠᠭᠠᠨ 9 ᠴᠠᠬ ᠮᠦᠷᠦᠯᠡᠳᠡᠭ ᠤᠳᠠᠭ᠎ᠠ ᠴᠤ ᠪᠤᠢ᠃ ᠡᠨᠡ ᠨᠢ ᠤᠷᠠᠨ ᠤᠨᠭᠰᠢᠯᠭ᠎ᠠ ᠵᠢ ᠬᠦᠮᠦᠨ ᠪᠦᠬᠦᠨ ᠤ ᠠᠮᠢᠳᠤᠷᠠᠯ ᠳᠤ ᠬᠦᠷᠭᠡᠬᠦ ᠪᠡᠷ ᠵᠤᠷᠢᠬᠰᠠᠨ ᠲᠦᠪ ᠲᠸᠯᠸᠢᠰ ᠤᠨ 《ᠤᠷᠠᠨ ᠤᠨᠭᠰᠢᠬᠴᠢᠳ》 ᠫᠷᠤᠭ᠍᠍ᠷᠠᠮ ᠤᠨ ᠨᠢᠭᠡ ᠠᠭᠤᠯᠭ᠎ᠠ ᠪᠤᠯᠤᠨ᠎ᠠ᠃ ᠤᠷᠠᠨ ᠤᠨᠭᠰᠢᠯᠭ᠎ᠠ ᠶᠢᠨ ᠦᠷᠦᠭᠡᠨ ᠳᠤ ᠨᠢᠭᠡ ᠢᠵᠢ ᠳᠠᠭᠤᠤ ᠰᠢᠩᠭᠡᠭᠡᠯᠲᠡ ᠪᠠ ᠸᠢᠳᠢᠤ᠋ ᠪᠢᠴᠢᠯᠭᠡ ᠶᠢᠨ ᠲᠦᠬᠦᠭᠡᠷᠦᠮᠵᠢ ᠲᠠᠢ᠂ ᠤᠷᠠᠨ ᠤᠨᠭᠰᠢᠯᠭ᠎ᠠ ᠳᠤ ᠪᠠᠬᠠᠲᠠᠢ ᠬᠦᠮᠦᠰ ᠦᠷᠦᠭᠡᠨ ᠳᠤ ᠤᠷᠤᠬᠰᠠᠨ ᠤ ᠬᠤᠶᠢᠨ᠎ᠠ ᠮᠢᠺᠷᠤᠹᠤᠨ ᠤᠷᠤᠭᠤ ᠬᠠᠨᠳᠤᠵᠦ ᠦᠪᠡᠷ ᠤᠨ ᠰᠤᠨᠭᠭᠤᠵᠦ ᠪᠡᠯᠡᠳᠬᠡᠭ᠍ᠰᠡᠨ ᠵᠤᠬᠢᠶᠠᠯ ᠢᠶᠡᠨ 3 ᠮᠢᠨᠦ᠋ᠲ ᠤᠨ ᠳᠤᠲᠤᠷ᠎ᠠ ᠤᠨᠭᠰᠢᠨ᠎ᠠ᠃ ᠤᠶᠢᠯᠠᠭᠠᠬᠰᠠᠨ ᠢᠶᠡᠷ᠂ ᠱᠠᠨᠭᠬᠠᠢ ᠬᠤᠲᠠ ᠳᠤ ᠪᠠᠰᠠ ᠬᠤᠶᠠᠷ ᠡᠴᠡ ᠭᠤᠷᠪᠠᠨ ᠤᠷᠠᠨ ᠤᠨᠭᠰᠢᠯᠭ᠎ᠠ ᠶᠢᠨ ᠦᠷᠦᠭᠡ ᠭᠠᠷᠭᠠᠬᠤ ᠪᠡᠷ ᠪᠡᠯᠡᠳᠬᠡᠵᠦ ᠪᠠᠶᠢᠬᠤ ᠶᠤᠮ ᠭᠡᠨ᠎ᠡ᠃ (ᠵᠢᠷᠤᠬ ᠢ ᠰᠢᠨᠬᠤᠸᠠ ᠬᠤᠷᠢᠶᠠᠨ ᠤ ᠰᠤᠷᠪᠤᠯᠵᠢᠯᠠᠬᠴᠢ ᠷᠧᠨ ᠯᠦᠩ)

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120577504