蒙古文网站Logo
ᠰᠢᠨᠬᠤᠸᠠ ᠮᠤᠩᠭ᠋ᠤᠯ ᠨᠧᠲ

ᠵᠤᠭ᠎ᠠ ᠴᠡᠩᠭᠡᠬᠦᠨ ᠤ ᠫᠷᠤᠭ᠍ᠷᠠᠮ ᠤᠳᠬ᠎ᠠ ᠠᠭᠤᠯᠭ᠎ᠠ ᠲᠠᠢ ᠪᠠᠢᠢᠪᠠᠯ ᠵᠤᠬᠢᠨ᠎ᠠ

2017-03-14 15:10

    ᠰᠢᠨᠬᠤᠸᠠ ᠬᠤᠷᠢᠶ᠎ᠠ   ᠪᠡᠭᠡᠵᠢᠩ ᠤᠨ 3 ᠰᠠᠷ᠎ᠠ ᠶᠢᠨ 13 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠵᠢᠶᠠᠩ ᠴᠤᠤ ᠸᠸᠢ᠂ ᠳ᠋ᠤᠸᠠᠨ ᠰᠢᠤᠢ ) ᠰᠡᠬᠦᠯ ᠤᠨ ᠦᠶ᠎ᠠ ᠳ᠋ᠤ ᠤᠯᠤᠰ ᠲᠦᠷᠦ ᠶᠢᠨ ᠵᠦᠪᠯᠯᠡᠭᠡᠨ ᠤ ᠭᠡᠰᠢᠭᠦᠳ ᠡᠴᠡ ᠵᠠᠷᠢᠮ ᠲᠸᠯᠸᠢᠰ ᠬᠤᠷᠢᠶ᠎ᠠ᠂ ᠰᠦᠯᠵᠢᠶ᠎ᠠ᠂ ᠰᠢᠭᠤᠳ ᠨᠡᠪᠲᠡᠷᠡᠬᠦᠯᠭᠡ ᠶᠢᠨ ᠲᠠᠪᠴᠠᠩ ᠵᠡᠷᠭᠡ ᠮᠡᠲᠡᠭᠡᠯᠡᠯ ᠤᠨ ᠬᠡᠷᠡᠭᠰᠡᠯ ᠬᠦᠯᠢᠶᠠᠨ ᠦᠵᠡᠬᠦ ᠨᠤᠷᠮ᠎ᠠ᠂ ᠲᠠᠷᠤᠮ ᠤᠨ ᠲᠤᠭ᠎ᠠ ᠶᠢ ᠦᠷᠦᠭᠡᠰᠦᠯ ᠢᠶᠡᠷ ᠬᠦᠭᠡᠭᠡᠴᠡᠯᠳᠦᠨ᠂ ᠵᠤᠭ᠎ᠠ ᠴᠡᠩᠭᠡᠬᠦᠨ ᠤ ᠫᠷᠤᠭ᠍ᠷᠠᠮ ᠤᠨ ᠤᠳᠬ᠎ᠠ ᠠᠭᠤᠯᠭ᠎ᠠ ᠠᠯᠲᠠᠭᠲᠠᠵᠤ᠂ ᠬᠦᠮᠦᠰ ᠤᠨ ᠠᠩᠬᠷᠤᠯ ᠳ᠋ᠤ ᠬᠦᠷᠴᠦ ᠪᠠᠢᠢᠬᠤ ᠲᠤᠬᠠᠢ ᠰᠠᠨᠠᠯ ᠲᠤᠷᠠᠳᠪᠠ᠃

    ᠤᠢᠢᠷ᠎ᠠ ᠶᠢᠨ ᠵᠢᠯ ᠡᠴᠡ ᠨᠠᠭᠠᠰᠢ᠂ ᠵᠤᠭ᠎ᠠ ᠴᠡᠩᠭᠡᠬᠦᠨ ᠤ ᠫᠷᠤᠭ᠍ᠷᠠᠮ ᠭᠠᠵᠠᠷ ᠠᠪᠴᠤ᠂ ᠡᠯ᠎ᠡ ᠲᠦᠷᠦᠯ ᠬᠡᠯᠪᠡᠷᠢ ᠶᠢᠨ ᠫᠷᠤᠭ᠍ᠷᠠᠮ ᠬᠡᠪᠯᠡᠯ ᠮᠡᠲᠡᠭᠡᠯᠡᠯ ᠤᠨ ᠬᠡᠷᠡᠭᠰᠡᠯ ᠶᠢᠡᠷ ᠰᠠᠴᠤᠭᠲᠠᠨ᠂ ᠬᠦᠯᠢᠶᠠᠨ ᠠᠪᠤᠭᠴᠢᠳ ᠲᠤ ᠬᠦᠷᠬᠦ ᠪᠤᠯᠪᠠ᠃ ᠡᠬᠦᠨ ᠤ ᠲᠤᠮᠲᠠ ᠡᠷᠡᠬᠦᠯ ᠰᠠᠷᠠᠭᠤᠯ ᠠᠭᠤᠯᠭ᠎ᠠ ᠪᠡᠷ ᠬᠦᠮᠦᠰ ᠤᠨ ᠲᠠᠭᠠᠰᠢᠶᠠᠯ ᠢ ᠤᠯᠵᠤ ᠪᠠᠢᠢᠬᠤ ᠳ᠋ᠤ ᠵᠠᠷᠢᠮ ᠫᠷᠤᠭ᠍ᠷᠠᠮ ᠨᠢ ᠪᠠᠰᠢᠷ ᠠᠷᠭ᠎ᠠ ᠪᠠᠰᠢᠯᠭᠠᠨ᠂ ᠦᠨ᠎ᠡ ᠦᠷᠲᠡᠭ ᠦᠭᠡᠢ᠂ ᠡᠷᠡᠬᠦᠯ ᠪᠤᠰᠤ ᠠᠭᠤᠯᠭ᠎ᠠ ᠪᠦᠬᠦᠢ ᠠᠭᠤᠯᠭ᠎ᠠ ᠶᠢ ᠰᠠᠴᠤᠵᠤ ᠪᠠᠢᠢᠭ᠎ᠠ ᠶᠤᠮ᠃

    ᠵᠤᠭ᠎ᠠ ᠴᠡᠩᠭᠡᠬᠦᠨ ᠤ ᠫᠷᠤᠭ᠍ᠷᠠᠮ ᠨᠢ ᠵᠤᠭ᠎ᠠ ᠴᠡᠩᠭᠡᠬᠦᠨ ᠲᠠᠢ ᠪᠠᠢᠢᠬᠤ ᠨᠢ ᠲᠠᠮᠵᠢᠭ ᠦᠭᠡᠢ᠂ ᠭᠡᠬᠦ ᠳ᠋ᠡᠭᠡᠨ ᠨᠢᠲᠦᠨ ᠡᠮᠦᠨᠡᠬᠢ ᠠᠰᠢᠭ ᠢ ᠬᠠᠷᠠᠵᠤ᠂ ᠰᠤᠶᠤᠯ ᠢ ᠤᠯᠠᠮᠵᠢᠯᠠᠬᠤ ᠲᠤᠮᠤ ᠠᠴᠢᠶᠠᠯᠠᠪᠤᠷᠢ ᠪᠤᠯᠬᠤ ᠬᠦᠨᠳᠦ ᠡᠭᠦᠷᠭᠡ ᠶᠢ ᠤᠮᠲᠤᠭᠤᠢᠢᠯᠠᠬᠤ ᠪᠤᠯ ᠪᠤᠷᠤᠭᠤ ᠪᠤᠯᠬᠤ ᠶᠤᠮ᠃ ᠮᠦᠨ ᠡᠨᠡᠬᠦ ᠪᠠᠢᠢᠲᠠᠯ ᠨᠢ ᠦᠷᠭᠦᠯᠵᠢᠯᠡᠭᠰᠡᠭᠡᠷ ᠰᠤᠶᠤᠯ ᠤᠨ ᠵᠠᠬ᠎ᠠ ᠵᠡᠭᠡᠯᠢ ᠶᠢᠨ 《ᠲᠤᠲᠤᠷ ᠲᠠᠮᠢᠷ》 ᠢ ᠪᠠᠷᠠᠭᠲᠠᠭᠤᠯᠵᠤ᠂ ᠰᠢᠯᠢᠲᠡᠭ ᠴᠢᠨᠰᠠᠭ᠎ᠠ ᠲᠠᠢ ᠰᠤᠶᠤᠯ ᠤᠨ ᠪᠦᠲᠦᠭᠡᠭ᠍ᠲᠡᠬᠦᠨ ᠤ ᠠᠮᠢᠵᠢᠷᠠᠯ ᠤᠨ ᠬᠦᠴᠦᠨ ᠢ ᠨᠦᠯᠦᠭᠡᠯᠡᠬᠦ ᠪᠤᠯᠤᠨ᠎ᠠ᠃

    ᠴᠠᠭᠠᠨ ᠰᠠᠷ ᠠ ᠶᠢᠨ ᠬᠤᠭᠤᠴᠠᠭᠠᠨ ᠳ᠋ᠤ᠂ ᠲᠦᠪ ᠲᠸᠯᠸᠢᠰ ᠤᠨ《ᠲᠤᠮᠲᠠᠲᠤ ᠤᠯᠤᠰ ᠤᠨ ᠰᠢᠯᠦᠭ ᠲᠠᠭᠤᠯᠠᠯ ᠤᠨ ᠨᠠᠭᠠᠲᠤᠮ》 ᠨᠢ ᠬᠦᠮᠤᠨ ᠵᠤᠨ ᠤ ᠰᠡᠳᠬᠢᠯ ᠳ᠋ᠤ ᠬᠦᠷᠴᠦ᠂ ᠰᠠᠢᠢᠨ ᠦᠨᠡᠯᠡᠯᠲᠡ ᠬᠦᠷᠲᠡᠪᠡ᠃ ᠰᠠᠢᠢᠨ ᠵᠤᠭ᠎ᠠ ᠴᠡᠩᠭᠡᠬᠦᠨ ᠤ ᠫᠷᠤᠭ᠍ᠷᠠᠮ ᠨᠢ ᠤᠳᠬ᠎ᠠ ᠠᠭᠤᠯᠭ᠎ᠠ ᠲᠠᠢ ᠪᠡᠷ ᠪᠠᠷᠠᠬᠤ ᠦᠭᠡᠢ ᠲᠤᠮᠲᠠᠲᠤ ᠶᠢᠨ ᠤᠯᠠᠮᠵᠢᠯᠠᠯᠲᠤ ᠰᠢᠯᠢᠲᠡᠭ ᠰᠤᠶᠤᠯ ᠢ ᠤᠯᠠᠮᠵᠢᠯᠠᠨ ᠵᠠᠯᠭᠠᠮᠵᠢᠯᠠᠨ᠂ ᠨᠡᠢᠢᠭᠡᠮ ᠨᠡᠢᠢᠲᠡ ᠳ᠋ᠤ ᠰᠠᠢᠢᠨ ᠦᠷ᠎ᠠ ᠨᠦᠯᠦᠭᠡ ᠭᠠᠷᠭᠠᠬᠤ ᠪᠤᠯᠤᠨ᠎ᠠ᠃

    ᠲᠤᠮᠲᠠᠲᠤ ᠶᠢᠨ ᠤᠯᠠᠮᠵᠢᠯᠠᠲᠤ ᠰᠢᠯᠢᠲᠡᠭ ᠰᠤᠶᠤᠯ ᠶᠢᠡᠨ ᠤᠯᠠᠮᠵᠢᠯᠠᠨ ᠵᠠᠯᠭᠠᠮᠵᠢᠯᠠᠬᠤ ᠪᠤᠯ ᠪᠦᠬᠦ ᠨᠡᠢᠢᠭᠡᠮ ᠤᠨ ᠬᠦᠮᠦᠨ ᠪᠤᠯᠭᠠᠨ ᠤ ᠲᠠᠷᠬᠠᠨ ᠡᠭᠦᠷᠭᠡ ᠬᠠᠷᠢᠭᠤᠴᠠᠯᠭ᠎ᠠ᠂ ᠲᠤᠮᠲᠠᠲᠤ ᠶᠢᠨ ᠰᠤᠶᠤᠯ ᠤᠨ ᠬᠦᠷᠦᠰᠦᠨ ᠡᠴᠡ ᠰᠢᠮ᠎ᠡ ᠠᠪᠴᠤ ᠪᠦᠲᠦᠭᠡᠯ ᠶᠢᠡᠨ ᠲᠤᠭᠤᠷᠪᠢᠨ᠂ ᠠᠷᠠᠳ ᠤᠨ ᠶᠢᠡᠨ ᠠᠮᠢᠲᠤᠷᠠᠯ ᠳ᠋ᠤ ᠭᠦᠨᠵᠡᠭᠡᠢᠢᠷᠡᠵᠦ᠂ ᠲᠤᠮᠲᠠᠲᠤ ᠤᠯᠤᠰ ᠤᠨ ᠴᠠᠭ ᠦᠶ᠎ᠠ ᠶᠢᠨ ᠬᠦᠭ᠍ᠵᠢᠮ ᠢ ᠴᠢᠪᠬᠠᠲᠠᠪᠠᠯ ᠵᠤᠬᠢᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120791120625906